ᠠᠤᠬᠠᠨ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠰᠠᠨᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/9/10
        ᠠᠤᠬᠠᠨ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠰᠠᠨᠠᠯ ᠤᠨ ᠲᠠᠶᠢᠯᠤᠮᠵᠢ    ᠨᠢᠭᠡ᠂ ᠠᠬᠤᠶ ᠪᠠᠶᠢᠳᠠᠯ ᠤᠨ ᠦᠨᠳᠦᠰᠦᠯᠡᠯ    ︽ᠤᠯᠠᠭᠠᠨᠬᠠᠳᠠ ᠬᠤᠲᠠ ᠶᠢᠨ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ︹2015︺ 24 ᠳ᠋ᠤᠭᠡᠷ ᠲᠣᠭᠠᠲᠤ︶ ᠪᠣᠯᠤᠨ ︽ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠠᠪᠤᠷᠠᠨ ᠲᠤᠰᠠᠯᠠᠬᠤ ﹇2018﹈ 356 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠬᠦ ᠪᠠᠷ ᠭᠤᠤᠯ ᠰᠢᠵᠢᠮ ᠪᠣᠯᠭᠠᠵᠤ᠂ ︽ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠨᠢᠭᠲᠠ ᠲᠣᠣᠷᠵᠢᠭᠤᠯᠬᠤ᠂ ᠲᠣᠭᠲᠠᠴᠠ ᠶᠢ ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠵᠦᠢᠯ ᠢ ᠪᠠᠲᠤᠯᠠᠬᠤ᠂ ᠥᠨᠳᠥᠷ ᠪᠦᠲᠦᠮᠵᠢᠲᠡᠶ ᠪᠠᠶᠢᠯᠭᠠᠬᠤ᠂ ᠲᠣᠭᠲᠠᠴᠠ ᠶᠢ ᠪᠦᠷᠢᠯᠳᠦᠭᠦᠯᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠪᠤᠷᠠᠨ ᠲᠤᠰᠠᠯᠠᠬᠤ ᠶᠢ ᠴᠠᠭ ᠲᠤᠬᠠᠶ ᠳᠤᠨᠢ᠂ ᠪᠠᠷᠢᠮᠵᠢᠶ᠎ᠠ ᠶᠢᠨ ᠮᠠᠲ᠋ᠧᠷᠢᠶᠠᠯ ᠤᠨ ᠤᠬᠠᠭᠠᠨ᠂ ᠠᠷᠭ᠎ᠠ ᠮᠠᠶ᠋ᠢᠭ ᠨᠢ ᠣᠯᠠᠨ ᠶᠠᠩᠵᠤ ᠶᠢᠨ᠂ ᠬᠠᠮᠢᠶᠠᠷᠤᠯᠲᠠ ᠨᠢ ᠵᠢᠷᠤᠮᠵᠢᠭᠰᠠᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠲᠦᠷᠭᠡᠪᠴᠢᠯᠡᠨ ᠪᠣᠶ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠰᠠᠶᠢᠲᠤᠷ  ᠪᠠᠲᠤᠯᠠᠨ᠎ᠠ᠃    ᠬᠤᠶᠠᠷ᠂ ᠠᠪᠤᠷᠠᠨ ᠲᠤᠰᠠᠯᠠᠬᠤ ᠬᠥᠮᠥᠰ ᠤᠨ ᠬᠡᠪᠴᠢᠶ᠎ᠡ    ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠷᠦᠬᠡ ᠠᠮᠠ ᠲᠠᠢ ᠭᠡᠷ ᠪᠦᠯᠢ᠂ ᠬᠤᠪᠢ ᠬᠥᠮᠦᠨ ᠨᠢ ᠭᠡᠨᠡᠳᠲᠡ ᠶᠢᠨ ᠬᠡᠷᠡᠭ ᠲᠤ ᠤᠴᠠᠷᠠᠭᠰᠠᠨ᠂ ᠰᠠᠨᠠᠭᠠᠨ ᠳᠤ ᠦᠭᠡᠶ ᠰᠢᠷᠬᠠᠲᠤᠯ᠂ ᠬᠦᠨᠳᠦ ᠶᠡᠭᠡ ᠡᠪᠡᠳᠴᠢᠨ ᠡᠮᠭᠡᠭ ᠪᠤᠶᠤ ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠳᠤ ᠤᠴᠠᠷᠠᠵᠤ᠂ ᠨᠡᠶᠢᠭᠡᠮ ᠤᠨ ᠪᠤᠰᠤᠳ ᠠᠪᠤᠷᠠᠨ ᠲᠤᠰᠠᠯᠠᠬᠤ ᠳᠦᠷᠢᠮ ᠢ ᠲᠦᠷ ᠴᠠᠭ ᠬᠠᠮᠤᠷᠬᠤ ᠶᠢᠨ ᠠᠷᠭ᠎ᠠ ᠦᠭᠡᠶ ᠪᠤᠶᠤ ᠠᠪᠤᠷᠠᠨ ᠲᠤᠰᠠᠯᠠᠭᠰᠠᠨ ᠤ ᠳᠠᠷᠠᠭ᠎ᠠ ᠦᠨᠳᠦᠰᠦᠨ ᠠᠮᠢᠳᠤᠷᠠᠯ ᠨᠢ ᠲᠦᠷ ᠴᠠᠭ ᠮᠥᠨ ᠬᠦ ᠬᠦᠨᠳᠦ ᠨᠣᠴᠢᠲᠠᠶ ᠬᠦᠴᠢᠷᠳᠡᠯ ᠲᠠᠢ ᠪᠣᠯ᠂ ᠴᠥᠮ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠤ ᠵᠡᠭᠡᠯᠢ ᠭᠤᠳᠤᠮᠵᠢ ᠳᠤ ᠲᠦᠷ ᠴᠠᠭ ᠤᠨ ᠠᠪᠤᠷᠠᠨ ᠲᠤᠰᠠᠯᠠᠬᠤ ᠪᠠᠷ ᠭᠤᠶᠤᠴᠢᠯᠠᠵᠤ ᠪᠣᠯᠤᠨ᠎ᠠ᠃    ᠭᠤᠷᠪᠠ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ    ᠬᠦᠴᠢᠷᠳᠡᠯ ᠳᠤ ᠤᠴᠠᠷᠠᠭᠰᠠᠨ ᠠᠯᠭᠤᠷ ᠪᠠᠴᠢᠮ ᠢ ᠦᠨᠳᠦᠰᠦᠯᠡᠨ᠂ ᠡᠩ ᠤᠨ ᠳᠡᠰ ᠳᠠᠷᠠᠭᠠᠯᠠᠯ ᠪᠠ ᠪᠠᠴᠢᠮ ᠳᠡᠰ ᠳᠠᠷᠠᠭᠠᠯᠠᠯ ᠭᠡᠵᠦ ᠬᠤᠪᠢᠶᠠᠨ᠎ᠠ᠃    ︵ᠨᠢᠭᠡ︶ ᠡᠩ ᠤᠨ ᠳᠡᠰ ᠳᠠᠷᠠᠭᠠᠯᠠᠯ    ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠲᠦᠷ ᠴᠠᠭ ᠤᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠃ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠪᠣᠯᠤᠨ ᠬᠢᠨᠠᠨ ᠬᠠᠷᠭᠤᠭᠤᠯᠤᠭᠰᠠᠨ ᠰᠠᠨᠠᠯ ᠢ ᠬᠦᠯᠢᠶᠡᠨ ᠠᠪᠤᠭᠰᠠᠨ ᠤ ᠳᠠᠷᠠᠭ᠎ᠠ᠂ 7 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠭᠰᠡᠨ ᠲᠣᠭᠲᠠᠭᠠᠯ ᠭᠠᠷᠭᠠᠬᠤ ᠬᠡᠷᠡᠭᠲᠡᠶ᠃ ᠴᠠᠭ ᠲᠤᠬᠠᠶ ᠳᠤᠨᠢ ᠲᠦᠷᠭᠡᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠶᠢᠨ ᠲᠥᠯᠥᠭᠡ᠂ ᠬᠡᠷ ᠪᠦᠯᠢ ᠶᠢᠨ ᠬᠥᠮᠦᠨ ᠠᠮᠠ ᠶᠢ ᠬᠦᠴᠢᠷᠳᠡᠯᠲᠠᠢ ᠦᠷᠭᠦᠯᠵᠢᠯᠡᠬᠦ ᠴᠠᠭ ᠤᠨ ᠬᠢᠵᠠᠭᠠᠷ ᠨᠢ 4 ᠠᠴᠠ ᠪᠠᠭ᠎ᠠ ᠪᠠᠶᠢᠬᠤ ᠳᠤ ᠴᠢᠭᠯᠡᠭᠦᠯᠦᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠳᠤ ᠨᠠᠶᠢᠳᠠᠵᠤ ᠬᠢᠨᠠᠨ  ᠵᠦᠪᠰᠢᠶᠡᠷᠡᠭᠦᠯᠦᠨ᠎ᠡ︔ ᠬᠡᠷ ᠪᠦᠯᠢ ᠶᠢᠨ ᠬᠥᠮᠦᠨ ᠠᠮᠠ ᠶᠢ ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ᠨᠢ 4 ᠠᠴᠠ ᠶᠡᠭᠡ ᠪᠠᠶᠢᠪᠠᠯ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ᠃ ᠨᠥᠬᠦᠴᠡᠯ ᠳᠤ ᠨᠡᠶᠢᠴᠡᠬᠦ ᠦᠭᠡᠶ ᠶᠢ ᠨᠢ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠨᠤᠭᠤᠳ ᠪᠢᠴᠢᠭᠯᠡᠭᠰᠡᠨ ᠬᠡᠯᠪᠡᠷᠢ ᠪᠠᠷ ᠭᠤᠶᠤᠴᠢᠯᠠᠭᠴᠢ ᠳᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠴᠥᠮ ᠡᠷᠦᠬᠡ ᠪᠠᠷ ᠲᠦᠷ ᠴᠠᠭ ᠤᠨ ᠠᠪᠤᠷᠠᠨ ᠲᠤᠰᠠᠯᠠᠬᠤ ᠴᠠᠭᠠᠰᠤᠨ ᠲᠠᠩᠰᠠ ᠡᠪᠬᠡᠮᠡᠯ ᠪᠠ ᠡᠯᠧᠺᠲᠷᠣᠨ ᠲᠠᠩᠰᠠ ᠡᠪᠬᠡᠮᠡᠯ ᠪᠠᠶᠢᠭᠤᠯᠵᠤ᠂ ᠠᠪᠤᠷᠠᠨ ᠲᠤᠰᠠᠯᠠᠬᠤ ᠮᠡᠳᠡᠭᠡ ᠵᠠᠩᠭᠢ ᠶᠢ ᠲᠦᠷ ᠴᠠᠭ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠵᠤ᠂ ᠵᠠᠷᠴᠢᠮ ᠳᠡᠭᠡᠷ᠎ᠡ ᠪᠠᠨ ︽ᠬᠡᠨ ᠬᠢᠨᠠᠨ ᠵᠥᠪᠰᠢᠶᠡᠷᠡᠪᠡᠯ ᠬᠡᠨ ᠪᠢᠴᠢᠵᠦ ᠣᠷᠣᠭᠤᠯᠬᠤ︾ ᠬᠡᠷᠡᠭᠲᠡᠶ᠃     ︵ᠬᠤᠶᠠᠷ︶ ᠪᠠᠴᠢᠮ ᠳᠡᠰ ᠳᠠᠷᠠᠭᠠᠯᠠᠯ    ᠪᠠᠶᠢᠳᠠᠯ ᠪᠠᠴᠢᠮ᠂ ᠳᠠᠷᠦ᠋ᠢᠬᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠭᠡᠭᠦᠯᠦᠨ ᠠᠪᠴᠢᠷᠠᠬᠤ ᠶᠢᠨ ᠠᠷᠭ᠎ᠠ ᠥᠬᠡᠶ ᠬᠤᠬᠢᠷᠠᠯ ᠪᠤᠶᠤ ᠬᠤᠪᠢᠷᠠᠭᠤᠯᠬᠤ ᠶᠢᠨ ᠠᠷᠭ᠎ᠠ ᠥᠬᠡᠶ ᠬᠦᠨᠳᠦ ᠨᠣᠴᠢᠲᠠᠶ ᠦᠷ᠎ᠡ ᠳ᠋ᠦᠩ ᠡᠭᠦᠰᠬᠦ ᠠᠴᠠ ᠰᠡᠷᠭᠡᠶᠢᠯᠡᠬᠦ ᠴᠢᠬᠤᠯᠠᠲᠠᠶ ᠪᠠᠶᠢᠪᠠᠯ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠᠴᠢᠮ ᠠᠪᠤᠷᠠᠨ ᠲᠤᠰᠠᠯᠠᠬᠤ ᠲᠠᠰ ᠳᠠᠷᠠᠭᠠᠯᠠᠯ ᠢ ᠡᠬᠢᠯᠡᠭᠦᠯᠵᠦ᠂ ᠭᠤᠶᠤᠴᠢᠯᠠᠯ ᠢ ᠰᠢᠭᠤᠳ ᠭᠥᠯᠢᠶᠡᠨ ᠠᠪᠴᠤ ᠰᠢᠢᠳᠪᠦᠷᠢᠯᠡᠬᠦ᠂ ᠭᠤᠶᠤᠴᠢᠯᠠᠭᠴᠢ ᠶᠢᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠠᠷᠠᠳᠴᠢᠯᠠᠯ ᠢᠶᠠᠷ ᠦᠨᠡᠯᠡᠬᠦ ᠪᠠ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠶᠢ ᠳᠥᠭᠦᠮᠴᠢᠯᠡᠵᠦ᠂ ᠰᠢᠭᠤᠳ ᠬᠢᠨᠠᠨ ᠵᠥᠪᠰᠢᠶᠡᠷᠡᠬᠦ᠂ ᠴᠠᠭ ᠲᠤᠬᠠᠶ ᠳᠤᠨᠢ ᠣᠯᠭᠤᠬᠤ ᠠᠷᠭ᠎ᠠ ᠮᠠᠶ᠋ᠢᠭ ᠢᠶᠠᠷ ᠤᠷᠢᠳᠠᠪᠠᠷ ᠠᠪᠤᠷᠠᠨ ᠲᠤᠰᠠᠯᠠᠵᠤ᠂ ᠪᠠᠴᠢᠮ ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠠᠪᠤᠷᠠᠨ ᠲᠤᠰᠠᠯᠠᠬᠤ ᠡᠲᠡᠭᠡᠳ᠂ ᠠᠪᠤᠷᠠᠨ ᠲᠤᠰᠠᠯᠠᠬᠤ ᠤᠴᠢᠷ ᠰᠢᠯᠲᠠᠭᠠᠨ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠳᠡᠩᠰᠡᠯᠡᠵᠦ᠂ ᠭᠠᠷᠲᠠᠨ ᠭᠦᠢᠴᠡᠳᠬᠡᠬᠦ ᠠᠵᠢᠯᠲᠠᠨ ᠤ ᠭᠠᠷ ᠤᠨ ᠥᠰᠥᠭ ᠵᠢᠷᠤᠬᠤ᠂ ᠲᠠᠮᠠᠭ᠎ᠠ ᠳᠠᠷᠤᠬᠤ ᠭᠠᠷᠳᠠᠮ ᠢ ᠨᠥᠬᠦᠪᠥᠷᠢᠯᠡᠬᠦ ᠬᠡᠷᠡᠭᠲᠡᠶ᠃    ︵ᠭᠤᠷᠪᠠ︶ ᠪᠡᠯᠡ ᠮᠥᠩᠭᠦ ᠣᠯᠭᠤᠬᠤ    ᠲᠦᠷ ᠴᠠᠭ ᠠᠪᠤᠷᠠᠨ ᠲᠤᠰᠠᠯᠠᠬᠤ ᠮᠥᠩᠭᠦ ᠶᠢ ᠨᠡᠶᠢᠭᠡᠮᠴᠢᠯᠡᠬᠦ ︵ᠪᠠᠩᠬᠢ ᠠᠴᠠ ᠣᠯᠭᠤᠬᠤ︶ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠬᠠᠩᠭᠠᠭᠰᠠᠨ ᠳᠠᠩᠰᠠᠨ ᠡᠷᠦᠬᠡ ᠳᠤ ᠬᠦᠷᠲᠡᠯ᠎ᠡ ᠣᠯᠭᠤᠵᠤ᠂ ᠪᠠᠴᠢᠮ ᠪᠠᠶᠢᠳᠠᠯ ᠤᠨ ᠳᠣᠤᠷ᠎ᠠ ᠪᠡᠯᠡᠨ ᠮᠥᠩᠭᠦ ᠶᠢᠨ ᠠᠷᠭ᠎ᠠ ᠮᠠᠶ᠋ᠢᠭ ᠢᠶᠠᠷ ᠣᠯᠭᠤᠵᠤ ᠪᠣᠯᠤᠨ᠎ᠠ᠃    ᠳᠥᠷᠪᠡ᠂  ᠠᠪᠤᠷᠠᠨ ᠲᠤᠰᠠᠯᠠᠬᠤ ᠠᠷᠭ᠎ᠠ ᠮᠠᠶ᠋ᠢᠭ ᠪᠠ ᠪᠠᠷᠢᠮᠵᠢᠶ᠎ᠠ    ︵ᠨᠢᠭᠡ︶ ᠠᠪᠤᠷᠠᠨ ᠲᠤᠰᠠᠯᠠᠬᠤ ᠠᠷᠭ᠎ᠠ ᠮᠠᠶ᠋ᠢᠭ ᠨᠢ ᠠᠪᠤᠷᠠᠨ ᠲᠤᠰᠠᠯᠠᠬᠤ ᠮᠥᠩᠭᠦ ᠣᠯᠭᠤᠬᠤ ᠪᠠ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠪᠠᠷ ᠭᠤᠣᠯ ᠪᠣᠯᠭᠠᠵᠤ᠂ ᠪᠣᠳᠠᠲᠤ ᠶᠠᠭᠤᠮ᠎ᠠ ᠣᠯᠭᠤᠬᠤ ᠪᠠᠷ ᠬᠠᠪᠰᠤᠷᠤᠮᠵᠢ  ᠪᠣᠯᠭᠠᠨ᠎ᠠ    1. ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠨ᠎ᠠ᠃ ᠲᠦᠷ ᠴᠠᠭ ᠠᠪᠤᠷᠠᠨ ᠲᠤᠰᠠᠯᠠᠬᠤ ᠮᠥᠩᠭᠦ ᠶᠢ ᠨᠡᠶᠢᠭᠡᠮᠴᠢᠯᠡᠨ ᠣᠯᠭᠤᠬᠤ ᠪᠠᠷ ᠭᠤᠤᠯ ᠪᠣᠯᠭᠠᠵᠤ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠶᠣᠰᠣᠭᠠᠷ ᠠᠪᠤᠷᠠᠨ ᠲᠤᠰᠠᠯᠠᠬᠤ ᠡᠲᠡᠭᠡᠳ ᠤᠨ ᠬᠤᠪᠢ ᠬᠥᠮᠦᠨ ᠵᠢᠴᠢ ᠭᠡᠷ ᠪᠦᠯᠢ ᠶᠢᠨ ᠪᠦᠷᠢᠯᠳᠦᠬᠦᠨ ᠪᠤᠶᠤ ᠭᠤᠶᠤᠴᠢᠯᠠᠭᠴᠢ ᠶᠢᠨ ᠨᠠᠶᠢᠳᠠᠭᠴᠢ ᠶᠢᠨ ᠬᠤᠪᠢ ᠬᠥᠮᠦᠨ ᠤ ᠳᠠᠩᠰᠠᠨ ᠳᠤ ᠰᠢᠭᠤᠳ ᠣᠯᠭᠤᠬᠤ ᠬᠡᠷᠡᠭᠲᠡᠶ᠃ ᠪᠠᠶᠢᠳᠠᠯ ᠨᠢ ᠣᠨᠴᠠᠭᠠᠢ ᠪᠣᠯ ᠰᠢᠭᠤᠳ ᠪᠡᠯᠡᠨ ᠵᠣᠭᠤᠰ ᠣᠯᠭᠤᠵᠤ ᠪᠣᠯᠤᠨ᠎ᠠ᠃ ᠪᠡᠯᠡᠨ ᠵᠣᠭᠤᠰ ᠣᠯᠭᠤᠬᠤ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠣᠯᠭᠤᠬᠤ ᠭᠠᠷᠳᠠᠮ ᠢ ᠵᠢᠷᠤᠮᠵᠢᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠪᠡᠶ᠎ᠡ ᠭᠠᠷᠤᠯ᠂ ᠬᠦᠴᠢᠷᠳᠡᠯᠲᠡᠶ ᠲᠥᠷᠥᠯ ᠬᠡᠯᠪᠡᠷᠢ᠂ ᠠᠪᠤᠷᠠᠨ ᠲᠤᠰᠠᠯᠠᠬᠤ ᠴᠠᠭ᠂ ᠠᠪᠤᠷᠠᠨ ᠲᠤᠰᠠᠯᠠᠬᠤ ᠵᠣᠭᠤᠰ ᠤᠨ ᠲᠤᠭ᠎ᠠ᠂ ᠭᠠᠷᠲᠠᠨ ᠭᠦᠢᠴᠡᠳᠭᠡᠬᠦ ᠬᠠᠷᠢᠭᠤᠴᠠᠯᠭᠠᠲᠠᠨ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠲᠤᠭ᠎ᠠ ᠪᠦᠷᠢᠳᠬᠡᠯ ᠤᠨ ᠡᠬᠡ ᠲᠠᠩᠰᠠ ᠶᠢ  ᠪᠠᠶᠢᠭᠤᠯᠤᠨ᠎ᠠ᠃    2. ᠪᠣᠳᠠᠲᠤ ᠶᠠᠭᠤᠮ᠎ᠠ ᠥᠭᠭᠦᠨ᠎ᠡ᠃ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠪᠠ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠳᠦᠰᠦᠯᠡᠨ᠂ ᠬᠤᠪᠴᠠᠰᠤ ᠬᠤᠨᠠᠷ᠂ ᠢᠳᠡᠭᠡᠨ ᠤ ᠵᠦᠢᠯ᠂ ᠤᠤᠭᠤᠬᠤ ᠤᠰᠤ᠂ ᠲᠦᠷ ᠴᠠᠭ ᠤᠨ ᠣᠷᠣᠨ ᠰᠠᠭᠤᠴᠠ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠵᠤ ᠪᠣᠯᠤᠨ᠎ᠠ᠃    3. ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠨ᠎ᠠ᠃ ᠲᠦᠷ ᠴᠠᠭ ᠤᠨ ᠠᠪᠤᠷᠠᠨ ᠲᠤᠰᠠᠯᠠᠬᠤ ᠮᠥᠩᠭᠦ᠂ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠭᠰᠠᠨ ᠤ ᠳᠠᠷᠠᠭ᠎ᠠ᠂ ᠠᠪᠤᠷᠠᠨ ᠲᠤᠰᠠᠯᠠᠬᠤ ᠡᠲᠡᠭᠡᠳ ᠤᠨ ᠲᠦᠷ ᠴᠠᠭ ᠤᠨ ᠬᠦᠴᠢᠷᠳᠡᠯ ᠢ ᠮᠥᠨ ᠬᠦ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠪᠠᠶᠢᠳᠠᠯ ᠢ ᠬᠤᠪᠢᠶᠠᠨ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠵᠤ ᠪᠣᠯᠤᠨ᠎ᠠ᠃ ᠨᠥᠬᠦᠴᠡᠯ ᠳᠤ ᠨᠡᠶᠢᠴᠡᠬᠦ ᠬᠥᠮᠦᠰ ᠢ ᠬᠠᠪᠰᠤᠷᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠤᠶᠤ ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠶ ᠵᠦᠢᠯ ᠤᠨ ᠠᠪᠤᠷᠠᠨ ᠲᠤᠰᠠᠯᠠᠯᠲᠠ ᠶᠢ ᠭᠤᠶᠤᠴᠢᠯᠠᠨ᠎ᠠ᠃ ᠠᠪᠤᠷᠠᠨ ᠲᠤᠰᠠᠯᠠᠬᠤ ᠬᠦᠰᠡᠯ ᠲᠠᠢ ᠬᠠᠮᠢᠶ᠎ᠠ ᠪᠥᠬᠦᠶ ᠨᠡᠶᠢᠭᠡᠮ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠪᠰᠤᠷᠤᠨ ᠲᠡᠳᠬᠦᠬᠦ ᠴᠢᠬᠤᠯᠠᠲᠠᠶ ᠬᠦᠴᠢᠷᠳᠡᠯᠲᠡᠶ ᠡᠲᠡᠭᠡᠳ ᠢ ᠨᠢᠭᠦᠯᠡᠰᠦᠩᠭᠦᠶ ᠶᠢᠨ ᠲᠥᠷᠥᠯ ᠵᠦᠢᠯ᠂ ᠨᠡᠶᠢᠭᠡᠮ ᠢ ᠳᠠᠶᠢᠴᠢᠯᠠᠨ ᠬᠠᠨᠳᠢᠪ ᠴᠤᠭᠯᠠᠭᠤᠯᠬᠤ᠂ ᠲᠤᠰᠬᠠᠶ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠠᠪᠤᠷᠠᠨ ᠲᠤᠰᠠᠯᠠᠨ᠎ᠠ᠃      ︵ᠬᠤᠶᠠᠷ︶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ    ᠬᠦᠴᠢᠷᠳᠡᠯᠲᠡᠶ ᠭᠡᠷ ᠪᠦᠯᠢ ᠶᠢᠨ ᠨᠢᠭᠡ ᠤᠳᠠᠭ᠎ᠠ ᠶᠢᠨ ᠴᠢᠨᠠᠷᠲᠠᠶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ = ᠲᠤᠬᠠᠶ ᠶᠢᠨ ᠭᠠᠵᠠᠷ ᠤᠨ ᠲᠤᠰ ᠵᠢᠯ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ× ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠤᠭ᠎ᠠ  ︵ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠦᠨᠡᠯᠡᠨ ᠲᠣᠭᠲᠠᠭᠠᠬᠤ ᠬᠠᠮᠢᠶ᠎ᠠ ᠪᠦᠬᠦᠢ ᠭᠡᠷ ᠪᠦᠯᠢ ᠶᠢᠨ ᠬᠥᠮᠦᠨ ᠠᠮᠠ ᠶᠢᠨ ᠪᠠᠷᠢᠮᠵᠢᠶ᠎ᠠ ᠪᠠᠷ ᠲᠣᠭᠲᠠᠭᠠᠨ᠎ᠠ︶×  ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ︵ᠰᠠᠷ᠎ᠠ ᠪᠠᠷ ᠨᠢᠭᠡᠴᠢ ᠪᠣᠯᠭᠠᠨ᠎ᠠ ︶᠃ ᠠᠪᠤᠷᠠᠨ ᠲᠤᠰᠠᠯᠠᠭᠳᠠᠭᠰᠠᠨ ᠬᠦᠴᠢᠷᠳᠡᠯᠲᠡᠶ ᠭᠡᠷ ᠪᠦᠯᠢ ᠪᠣᠯᠤᠨ ᠬᠤᠪᠢ ᠬᠥᠮᠦᠨ ᠤ ᠬᠦᠴᠢᠷᠳᠡᠯ ᠦᠷᠭᠦᠯᠵᠢᠯᠡᠭᠰᠡᠨ ᠴᠠᠭ ᠬᠤᠭᠤᠴᠠᠭ᠎ᠠ ᠶᠢ ᠡᠩ ᠤᠨ ᠪᠠᠶᠢᠳᠠᠯ ᠳᠣᠤᠷ᠎ᠠ 1—6 ᠰᠠᠷ᠎ᠠ ᠪᠠᠷ ᠲᠣᠭᠲᠠᠭᠠᠨ᠎ᠠ᠃ ᠭᠤᠶᠤᠴᠢᠯᠠᠭᠴᠢ ᠠᠴᠠ ᠠᠳᠠᠯᠢ ᠨᠢᠭᠡᠨ ᠤᠴᠢᠷ ᠰᠢᠯᠲᠠᠭᠠᠨ ᠢᠶᠠᠷ ᠲᠦᠷ ᠴᠠᠭ ᠤᠨ ᠠᠪᠤᠷᠠᠨ ᠲᠤᠰᠠᠯᠠᠬᠤ ᠶᠢ ᠳᠠᠬᠢᠨ ᠳᠠᠪᠲᠠᠨ ᠭᠤᠶᠤᠴᠢᠯᠠᠪᠠᠯ᠂ ᠵᠦᠢ ᠶᠣᠰᠣᠨ ᠤ ᠰᠢᠯᠲᠠᠭᠠᠨ ᠦᠭᠡᠶ ᠪᠣᠯ ᠠᠪᠤᠷᠠᠨ ᠲᠤᠰᠠᠯᠠᠬᠤ ᠦᠭᠡᠶ᠃    ᠣᠨᠴᠠᠭᠠᠶ ᠠᠪᠤᠷᠠᠨ ᠲᠤᠰᠠᠯᠠᠬᠤ ᠮᠥᠩᠭᠦ ᠶᠢᠨ ᠲᠦᠷᠢᠮ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠦᠨᠳᠦᠰᠦᠨ ᠵᠦᠢᠯ ᠢ ᠪᠠᠲᠤᠯᠠᠬᠤ︾ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠤᠴᠠᠷᠠᠭᠰᠠᠨ ᠠᠴᠠ ᠪᠣᠯᠤᠭᠰᠠᠨ ᠬᠡᠷ ᠪᠦᠯᠢ ᠶᠢᠨ ᠴᠢᠬᠤᠯᠠ ᠶᠡᠭᠡ ᠵᠠᠶᠢᠯᠠᠰᠢ ᠥᠬᠡᠶ ᠵᠠᠷᠤᠯᠭ᠎ᠠ ᠶᠢ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠬᠠᠪᠰᠤᠷᠤᠯᠭ᠎ᠠ ᠳᠡᠮᠵᠢᠯᠭᠡ ᠪᠠᠷ ᠳᠡᠮᠵᠢᠨ ᠬᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠤᠯᠠ ᠳᠠᠪᠠᠭᠰᠠᠨ ᠬᠦᠴᠢᠷᠳᠡᠯᠲᠡᠶ ᠬᠡᠷ ᠪᠦᠯᠢ ᠳᠤ ᠲᠦᠷ ᠴᠠᠭ ᠤᠨ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠤᠨ᠎ᠠ᠃ ᠪᠣᠳᠠᠲᠠᠶ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠦᠷ ᠴᠠᠭ ᠤᠨ ᠠᠪᠤᠷᠠᠨ ᠲᠤᠰᠠᠯᠠᠬᠤ ᠪᠠᠯᠠ ᠮᠥᠩᠭᠦ ᠴᠤᠭᠯᠠᠭᠤᠯᠤᠭᠰᠠᠨ ᠪᠠᠶᠢᠳᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠭᠰᠠᠨ ᠡᠲᠡᠭᠡᠳ ᠤᠨ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠵᠤ᠂ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠢ ︽ᠨᠢᠭᠡ ᠨᠢᠭᠡ ᠤᠴᠢᠷ ᠢᠶᠠᠷ ᠵᠥᠪᠯᠡᠬᠦ︾ ᠶᠣᠰᠣᠭᠠᠷ ᠰᠤᠳᠤᠯᠤᠭᠰᠠᠨ ᠤ ᠳᠠᠷᠠᠭ᠎ᠠ ᠲᠣᠭᠲᠠᠭᠠᠨ᠎ᠠ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号