ᠠᠤᠬᠠᠨ ᠬᠤᠰᠢᠭᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠬᠦ ᠡᠲᠡᠭᠡᠳ ᠤᠨ ᠦᠢᠯᠡᠳᠪᠦᠷᠢᠯᠡᠯ ᠡᠵᠡᠩᠨᠡᠯᠲᠡ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/9/11
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠠᠤᠬᠠᠨ ᠬᠤᠰᠢᠭᠤ ᠭᠤᠷᠪᠠᠨ ᠬᠤᠭᠤᠴᠠᠭ᠎ᠠ ᠬᠤᠪᠢᠶᠠᠨ 342 ᠨᠡᠷᠡᠰ ᠪᠣᠯᠪᠠᠰᠤᠷᠠᠯ ᠬᠦᠷᠲᠡᠬᠦ ᠬᠦᠰᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ ᠳᠤ ᠦᠢᠯᠡᠳᠪᠦᠷᠢᠯᠡᠯ ᠡᠵᠡᠩᠨᠡᠯᠲᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠪᠡ᠃    ᠲᠣᠰ ᠤᠳᠠᠭᠠᠨ ᠤ ᠪᠣᠯᠪᠠᠰᠤᠷᠠᠯ ᠳᠤ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠭᠤᠤᠯᠳᠠᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠪᠠ᠃ ᠪᠣᠯᠪᠠᠰᠤᠷᠠᠯ ᠤᠨ ᠠᠭᠤᠯᠭ᠎ᠠ ᠳᠤ ᠦᠬᠡᠷ᠂ ᠬᠤᠨᠢ ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ᠵᠢᠴᠢ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ᠂ ᠲᠠᠷᠢᠶᠠᠯᠠᠩ ᠤᠨ ᠪᠦᠲᠦᠭᠡᠭᠳᠡᠬᠦᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ᠂ ᠦᠬᠡᠷ ᠂ ᠬᠤᠨᠢᠨ ᠤ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ᠂ ᠵᠠᠭᠤᠴᠢᠯᠠᠭᠤᠷ ᠤᠨ ᠴᠠᠭ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠰᠢᠨ᠎ᠡ ᠰᠡᠳᠬᠢᠬᠦᠶ ᠶᠢ ᠬᠠᠮᠤᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠬᠢᠴᠢᠶᠡᠯ ᠢ ᠬᠠᠮᠤᠷᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠲᠠᠢ ᠤᠶᠠᠯᠳᠤᠭᠤᠯᠤᠨ ᠠᠤᠬᠠᠨ ᠬᠤᠰᠢᠭᠤᠨ ᠤ ᠾᠦᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠠᠤᠬᠠᠨ ᠬᠤᠰᠢᠭᠤᠨ ᠤ ᠶᠢᠨ ᠰᠦᠢ ᠸᠠᠩ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠹᠧᠩ ᠬᠤᠸᠠ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠰᠣᠷᠣᠭᠰᠠᠨ ᠢᠶᠠᠨ ᠬᠡᠷᠡᠭᠯᠡᠬᠦ ᠵᠣᠷᠢᠯᠭ᠎ᠠ ᠳᠠᠭᠠᠨ ᠦᠨᠡᠨ ᠬᠦ ᠬᠥᠷᠪᠡ᠃    ᠲᠤᠰ ᠤᠳᠠᠭᠠᠨ ᠤ ᠪᠣᠯᠪᠠᠰᠤᠷᠠᠯ ᠨᠢ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠬᠦ ᠡᠲᠡᠭᠡᠳ ᠲᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠬᠠᠩᠭᠠᠵᠤ᠂ ᠲᠡᠳᠡᠨ ᠤ ᠦᠢᠯᠡᠳᠪᠦᠷᠢᠯᠡᠯ ᠡᠵᠡᠩᠨᠡᠯᠲᠡ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号