ᠬᠠᠭᠤᠴᠢᠨ ᠳᠦᠷᠰᠦ ᠪᠠᠶᠢᠳᠠᠯ ᠢ ᠰᠢᠨ᠎ᠡ ᠪᠠᠷ ᠰᠣᠯᠢᠵᠦ ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠶᠠᠳᠤᠭᠠᠷ ᠪᠠᠷᠢᠮᠵᠢᠶᠠᠲᠤ ᠬᠡᠰᠡᠭ ᠤᠨ ᠠᠵᠢᠯ ᠳᠠᠭᠤᠰᠴᠤ ᠰᠢᠯᠭᠠᠨ ᠠᠪᠣᠪᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠢᠨ ᠾᠦᠢ ᠵᠠᠮ ᠤᠨ ᠬᠤᠶᠢᠲᠤ ᠬᠡᠰᠡᠭ᠂ ᠪᠢᠨ ᠾᠧ ᠵᠡᠭᠡᠯᠢ ᠶᠢᠨ ᠪᠠᠷᠠᠭᠤᠨ ︵ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ ᠰᠠᠭᠤᠴᠠ ᠶᠢᠨ ᠠᠰᠠᠷ ᠵᠡᠷᠭᠡ 29 ᠵᠢᠵᠢᠭ ᠲᠣᠭᠤᠷᠢᠭ︶ ᠤ ᠬᠠᠭᠤᠴᠢᠨ ᠵᠢᠵᠢᠭ ᠲᠣᠭᠤᠷᠢᠭ ᠤᠨ ᠢᠵᠢ ᠪᠥᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠬᠤᠶᠠᠳᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠲᠤᠬᠠᠶ ᠶᠢᠨ ᠲᠠᠯᠠᠪᠠᠶ ᠵᠢᠴᠢ ᠪᠣᠳᠠᠲᠤ ᠪᠣᠳᠠᠰ ᠤᠨ ᠮᠡᠷᠭᠡᠵᠢᠯ ᠤᠨ ᠮᠠᠲ᠋ᠧᠷᠢᠶᠠᠯ ᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠨᠢ ᠲᠣᠰ ᠪᠠᠷᠢᠮᠵᠢᠶᠠᠲᠤ ᠬᠡᠰᠡᠭ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠢᠩᠬᠢᠨᠢ ᠪᠠᠷ ᠪᠡᠶᠡᠯᠡᠭᠦᠯᠵᠦ᠂ ᠪᠥᠲᠥᠭᠡᠨ ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠶᠢᠨ ᠠᠵᠤ ᠠᠬᠤᠶᠢᠯᠠᠯ᠂ ᠬᠢᠨᠠᠨ ᠬᠠᠮᠢᠶᠠᠷᠬᠤ  ᠨᠢᠭᠡᠴᠡ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠥᠮᠦᠰ ᠬᠤᠷᠠᠯ ᠳᠤ ᠣᠷᠣᠯᠴᠠᠵᠠᠶ᠃    ᠲᠣᠰ ᠪᠠᠷᠢᠮᠵᠢᠶᠠᠲᠤ ᠬᠡᠰᠡᠭ ᠲᠤ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ ᠰᠠᠭᠤᠴᠠ ᠶᠢᠨ ᠠᠰᠠᠷ᠂ ᠤᠤᠯ ᠤᠨ ᠰᠢᠨ ᠾᠦᠢ ᠰᠢᠶᠠᠩ ᠤᠨ ᠣᠷᠣᠨ ᠰᠠᠭᠤᠴᠠ ᠶᠢᠨ ᠠᠰᠠᠷ ᠵᠡᠷᠭᠡ 10 ᠵᠢᠵᠢᠭ ᠲᠣᠭᠤᠷᠢᠭ ᠢ ᠬᠠᠮᠤᠷᠴᠤ᠂ 413 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠾᠧᠨᠠᠨ ᠤ ᠱᠧᠩ ᠳ᠋ᠢᠩ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷᠢᠯᠭ᠎ᠠ ᠪᠠᠷᠢᠵᠤ᠂ ᠥᠪᠥᠷ ᠮᠣᠩᠭᠤᠯ ᠤᠨ ᠰᠠᠨ ᠳ᠋ᠧ ᠯᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠢᠨᠠᠨ ᠬᠠᠮᠢᠶᠠᠷᠴᠤ᠂ ᠥᠭᠡᠷᠡᠴᠢᠯᠡᠬᠦ ᠠᠭᠤᠯᠭ᠎ᠠ ᠳᠤ ᠵᠢᠵᠢᠭ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠠᠭᠲᠠᠨ᠎ᠠ᠃ ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠭᠤᠴᠢᠨ ᠵᠢᠵᠢᠭ ᠲᠣᠭᠤᠷᠢᠭ ᠤᠨ ᠢᠵᠢ ᠪᠥᠷᠢᠳᠦᠭᠦᠯᠬᠦ ᠰᠠᠭᠤᠷᠢ  ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠤᠰᠤᠳ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠠᠬᠢᠴᠠ ᠶᠢ ᠦᠷᠭᠦᠯᠵᠢᠯᠡᠨ ᠲᠦᠷᠭᠡᠳᠬᠡᠵᠦ᠂ ᠰᠡᠭᠦᠯ ᠬᠤᠷᠢᠶᠠᠬᠤ ᠠᠵᠢᠯ ᠢ ᠲᠦᠷᠭᠡᠬᠡᠨ ᠪᠡᠶᠡᠯᠡᠭᠦᠯᠵᠦ᠂ ᠥᠷᠭᠡᠨ ᠣᠯᠠᠨ ᠰᠠᠭᠤᠭᠠᠯᠢ ᠡᠷᠦᠬᠡ ᠶᠢ ᠪᠦᠷᠢᠨ ᠲᠥᠬᠦᠷ ᠢᠵᠢ ᠪᠥᠷᠢᠳᠦᠭᠰᠡᠨ ᠲᠦᠬᠦᠭᠡᠷᠦᠮᠵᠢ ᠨᠢ ᠪᠦᠷᠢᠨ ᠲᠡᠭᠦᠯᠳᠡᠷ ᠣᠷᠣᠨ ᠰᠠᠭᠤᠴᠠ ᠶᠢᠨ ᠲᠣᠭᠤᠷᠢᠭ ᠲᠤ ᠰᠠᠭᠤᠷᠢᠰᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号