ᠠᠤᠬᠠᠨ ᠬᠤᠰᠢᠭᠤᠨ ᠤ ︽ᠪᠦᠬᠦᠨ ᠳᠤ ᠳᠣᠭᠢᠷᠠᠬᠤ ᠺᠠᠷᠲ ︾  ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠨᠣᠷᠮ᠎ᠠ 81.57 % ᠳᠤ ᠬᠥᠷᠪᠡ
ᠨᠡᠶᠢᠲᠡᠯᠡᠭᠰᠡᠨ ᠴᠠᠭ᠄
2024/9/11
    ᠠᠤᠬᠠᠨ ᠬᠤᠰᠢᠭᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ ᠠᠮᠤᠷ ᠲᠦᠪᠰᠢᠨ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ ᠲᠥᠪᠯᠡᠷᠡᠭᠦᠯᠦᠨ ᠨᠢᠭᠡᠳᠦᠯᠲᠡᠶ ᠲᠠᠷᠬᠠᠭᠠᠬᠤ ᠶᠢ ᠬᠡᠷᠡᠭᠵᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠨᠣᠷᠮ᠎ᠠ 81.57 % ᠳᠤ ᠬᠦᠷᠴᠦ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠨᠣᠷᠮ᠎ᠠ 80 % ᠳᠤ ᠬᠥᠷᠬᠦ ᠲᠣᠭᠲᠠᠭᠰᠠᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠨᠢᠭᠡ ᠬᠥᠮᠦᠨ ᠣᠯᠠᠨ ᠺᠠᠷᠲ︾᠂ ︽ᠬᠥᠮᠦᠨ ᠺᠠᠷᠲ ᠢ ᠰᠠᠯᠭᠠᠬᠤ︾ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃    ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠣᠯᠤᠨ ᠡᠳ᠋ ᠤᠨ ᠵᠠᠰᠠᠭ ᠤᠨ ᠨᠥᠬᠦᠪᠥᠷᠢ ᠶᠢ ᠨᠢᠭᠡ ᠯᠡ ᠺᠠᠷᠲ ᠳᠤ ᠣᠷᠣᠭᠤᠯᠵᠤ᠂ ᠪᠡᠯᠡ ᠮᠥᠩᠭᠦ ᠶᠢᠨ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠵᠣᠯ ᠵᠢᠷᠭᠠᠯ ᠤᠨ ᠢᠯᠡᠳᠬᠡᠮᠵᠢ ᠶᠢ ᠶᠡᠬᠡᠰᠬᠡᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨ ᠬᠦ ᠨᠡᠮᠡᠭᠳᠡᠭᠦᠯᠵᠦ᠂ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号