ᠠᠣᠬᠠᠨ ᠬᠤᠰᠢᠭᠤᠨ ᠤ 2024 ᠣᠨ ᠤ ᠠᠶᠢᠯ ᠲᠣᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/9/11
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ 2024 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠮ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠵᠤ᠂ ᠠᠣᠬᠠᠨ ᠬᠤᠰᠢᠭᠤᠨ ᠤ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠪᠡ᠃ ᠪᠠᠯᠠ ᠣᠷᠣᠭᠤᠯᠤᠯᠲᠠ ᠶᠢᠨ ᠲᠥᠯᠥᠪᠯᠡᠭᠡ ᠶᠣᠰᠣᠭᠠᠷ᠂ ᠡᠨᠡ ᠵᠢᠯ  ᠠᠣᠬᠠᠨ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ 12 ᠵᠤᠷᠪᠤᠰ᠂ 44.4 ᠺᠢᠯᠦᠮᠧᠲᠷ ᠨᠡᠪᠲᠡᠷᠡᠭᠦᠯᠵᠦ᠂ ᠨᠡᠶᠢᠲᠡ 2540 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃    ᠲᠣᠰ ᠤᠳᠠᠭᠠᠨ ᠤ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ  ᠠᠣᠬᠠᠨ ᠬᠤᠰᠢᠭᠤᠨ ᠤ 7 ᠰᠢᠶᠠᠩ ᠪᠠᠯᠭᠠᠰᠤ ᠶᠢ ᠬᠠᠮᠤᠷᠴᠤ᠂ ᠡᠭᠦᠨ ᠳᠤ ᠴᠠᠩ ᠱᠧᠩ ᠪᠠᠯᠭᠠᠰᠤ᠂ ᠬᠤᠸᠠᠩ ᠶᠠᠩ ᠸᠠ ᠪᠠᠯᠭᠠᠰᠤ᠂ ᠰᠧ ᠵᠢᠶᠠᠽᠢ ᠪᠠᠯᠭᠠᠰᠤ᠂ ᠰᠢᠶᠠ ᠸᠠ ᠪᠠᠯᠭᠠᠰᠤ᠂ ᠰᠢᠩ ᠯᠦᠩ ᠸᠠ ᠪᠠᠯᠭᠠᠰᠤ᠂ ᠨᠦᠬᠡᠲᠦ ᠪᠠᠯᠭᠠᠰᠤ ᠵᠢᠴᠢ ᠰᠧ ᠳ᠋ᠤᠤ ᠸᠠᠨ ᠽᠢ ᠪᠠᠯᠭᠠᠰᠤ ᠶᠢ ᠪᠠᠭᠲᠠᠭᠠᠨ᠎ᠠ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠬᠠᠮᠢᠶ᠎ᠠ ᠪᠥᠬᠦᠶ ᠲᠥᠯᠥᠪᠵᠢᠭᠦᠯᠭᠡ ᠪᠠ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ᠨᠠᠩ ᠳᠥᠭᠦᠮ ᠳᠥᠲᠡ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠨᠥᠬᠦᠴᠡᠯ ᠬᠠᠩᠭᠠᠨ᠎ᠠ᠃    ᠣᠳᠣᠬᠠᠨ ᠳᠤ᠂ ᠡᠨᠡ 12 ᠵᠤᠷᠪᠤᠰ ᠵᠠᠮ ᠨᠡᠪᠲᠡᠷᠡᠭᠦᠯᠬᠦ ᠵᠠᠮ ᠤᠨ ᠨᠢᠭᠡᠳᠦᠭᠡᠷ ᠱᠠᠲᠤᠨ ᠤ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠨᠢ ᠨᠢᠭᠡᠨᠲᠡ ᠴᠣᠬᠤᠯᠠᠪᠤᠷᠢ ᠣᠯᠵᠤ᠂ ᠲᠠᠷᠠᠭᠠᠴᠢ ᠶᠢᠨ ᠠᠯᠬᠤᠮ ᠳᠤ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ ᠪᠠᠷᠢᠯᠭ᠎ᠠ ᠪᠠᠷᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠪᠠᠷᠢᠯᠭ᠎ᠠ ᠪᠠᠷᠢᠬᠤ ᠮᠡᠷᠭᠡᠵᠢᠯ ᠤᠨ ᠵᠢᠯᠣᠭᠤᠳᠣᠯᠭ᠎ᠠ ᠶᠢ ᠬᠠᠷᠢᠭᠤᠴᠠᠭᠤᠯᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号