ᠠᠤᠬᠠᠨ ᠬᠤᠰᠢᠭᠤ ᠪᠠᠭᠰᠢ ᠶᠢᠨ ᠪᠠᠶᠠᠷ ᠤᠨ ᠡᠳᠦᠷ ᠤᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 10 ᠤ ᠡᠳᠦᠷ᠂ ᠳᠦᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠠᠨ ᠮᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
C:\Users\Administrator\Desktop\1_副本.jpg
    ᠵᠠᠩ ᠴᠢ ᠬᠠᠩ᠂ ᠵᠠᠩ ᠶᠠᠨ ᠮᠢᠨ ᠤᠷᠢᠳ ᠬᠤᠵᠢᠳ ᠰᠢᠨ ᠾᠦᠢ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠰᠢᠨ ᠾᠦᠢ ᠵᠢᠷᠭᠤᠳᠤᠭᠠᠷ ᠪᠠᠭ᠎ᠠ ᠰᠤᠷᠭᠠᠭᠤᠯᠢ᠂ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ᠂ ᠠᠤᠬᠠᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠪᠠᠭᠰᠢ ᠶᠢ ᠲᠣᠬᠤᠨᠢᠭᠤᠯᠤᠭᠰᠠᠨ ᠪᠥᠭᠡᠳ ᠮᠠᠨ ᠤ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠬᠡᠰᠡᠭ ᠪᠠᠭᠰᠢ ᠪᠠ ᠬᠡᠷ ᠪᠦᠯᠢ ᠶᠢᠨ ᠬᠦᠴᠢᠷᠳᠡᠯᠲᠡᠶ ᠪᠠᠭᠰᠢ ᠶᠢ ᠪᠣᠯᠭᠤᠭᠠᠨ ᠦᠵᠡᠪᠡ᠃
C:\Users\Administrator\Desktop\2_副本.jpg
    ᠬᠦᠷᠦᠭᠰᠡᠨ ᠭᠠᠵᠠᠷ ᠪᠣᠯᠭᠠᠨ ᠳᠤ᠂ ᠤᠳᠤᠷᠢᠳᠤᠯᠭ᠎ᠠ ᠨᠠᠷ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠣᠭ ᠰᠠᠨᠠᠭ᠎ᠠ ᠪᠠᠨ ᠢᠮᠠᠭᠲᠠ ᠦᠢᠯᠡᠳᠦᠯᠭᠡᠵᠢᠭᠦᠯᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠰᠡᠳᠬᠢᠯᠭᠡ ᠪᠠᠨ ᠡᠭᠦᠷᠢᠳᠡ ᠬᠠᠳᠠᠭᠠᠯᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠠᠶᠢᠷ᠎ᠠ ᠰᠡᠳᠬᠢᠯᠭᠡ ᠪᠠ ᠡᠷᠡᠰ ᠵᠣᠷᠢᠭ ᠢᠶᠠᠨ ᠪᠠᠲᠤ ᠰᠠᠬᠢᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠠᠬᠢᠪᠠ᠃
C:\Users\Administrator\Desktop\3_副本.jpg
    ᠵᠠᠩ ᠴᠢ ᠬᠠᠩ ᠠᠴᠠ᠂ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠣᠯ ᠨᠢᠭᠡ ᠦᠶ᠎ᠡ ᠶᠢᠨ ᠰᠤᠷᠭᠠᠨ ᠬᠥᠮᠦᠵᠢᠯ ᠤᠨ ᠬᠥᠮᠦᠨ ᠤ ᠭᠠᠯ ᠭᠤᠯᠤᠮᠳᠠ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠢ ᠠᠵᠢᠯ ᠤᠨ ᠪᠠᠶᠢᠷᠢ ᠳᠡᠭᠡᠷ᠎ᠡ ᠪᠠᠨ ᠵᠣᠯ ᠵᠢᠷᠭᠠᠯᠲᠤ ᠲᠥᠷᠥᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ ᠠᠮᠵᠢᠯᠲᠠ ᠪᠦᠲᠦᠮᠵᠢ ᠶᠢᠨ ᠲᠥᠷᠥᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷᠲᠤ ᠲᠥᠷᠥᠭᠳᠡᠯ ᠲᠠᠢ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠠ ᠣᠷᠣᠨ᠂ ᠬᠤᠲᠠ ᠶᠢᠨ ᠵᠣᠷᠢᠭ ᠰᠠᠨᠠᠭ᠎ᠠ ᠲᠠᠢ ᠠᠯᠬᠤᠭ᠎ᠠ  ᠨᠢᠭᠡᠲᠡᠢ ᠪᠠᠶᠢᠯᠭᠠᠬᠤ ᠬᠡᠷᠡᠭᠲᠡᠶ ᠃ ᠭᠤᠣᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号