| ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ 2024 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠵᠠᠮ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ | ᠪᠠᠭᠤᠯᠭᠠᠵᠤ᠂ ᠠᠣᠬᠠᠨ ᠬᠤᠰᠢᠭᠤᠨ ᠤ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠪᠡ᠃ ᠪᠠᠯᠠ ᠣᠷᠣᠭᠤᠯᠤᠯᠲᠠ ᠶᠢᠨ ᠲᠥᠯᠥᠪᠯᠡᠭᠡ | ᠶᠣᠰᠣᠭᠠᠷ᠂ ᠡᠨᠡ ᠵᠢᠯ ᠠᠣᠬᠠᠨ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠶᠢᠯ ᠲᠣᠰᠬᠤᠨ ᠳᠤ | ᠬᠠᠲᠠᠭᠤᠷᠠᠭᠤᠯᠤᠭᠰᠠᠨ ᠵᠠᠮ 12 ᠵᠤᠷᠪᠤᠰ᠂ 44.4 ᠺᠢᠯᠦᠮᠧᠲᠷ ᠨᠡᠪᠲᠡᠷᠡᠭᠦᠯᠵᠦ᠂ ᠨᠡᠶᠢᠲᠡ 2540 ᠲᠦᠮᠡᠨ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ | ᠲᠣᠰ ᠤᠳᠠᠭᠠᠨ ᠤ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠠᠣᠬᠠᠨ | ᠬᠤᠰᠢᠭᠤᠨ ᠤ 7 ᠰᠢᠶᠠᠩ ᠪᠠᠯᠭᠠᠰᠤ ᠶᠢ ᠬᠠᠮᠤᠷᠴᠤ᠂ ᠡᠭᠦᠨ ᠳᠤ ᠴᠠᠩ ᠱᠧᠩ ᠪᠠᠯᠭᠠᠰᠤ᠂ ᠬᠤᠸᠠᠩ ᠶᠠᠩ ᠸᠠ | ᠪᠠᠯᠭᠠᠰᠤ᠂ ᠰᠧ ᠵᠢᠶᠠᠽᠢ ᠪᠠᠯᠭᠠᠰᠤ᠂ ᠰᠢᠶᠠ ᠸᠠ ᠪᠠᠯᠭᠠᠰᠤ᠂ ᠰᠢᠩ ᠯᠦᠩ ᠸᠠ ᠪᠠᠯᠭᠠᠰᠤ᠂ ᠨᠦᠬᠡᠲᠦ ᠪᠠᠯᠭᠠᠰᠤ | ᠵᠢᠴᠢ ᠰᠧ ᠳ᠋ᠤᠤ ᠸᠠᠨ ᠽᠢ ᠪᠠᠯᠭᠠᠰᠤ ᠶᠢ ᠪᠠᠭᠲᠠᠭᠠᠨ᠎ᠠ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠬᠠᠮᠢᠶ᠎ᠠ ᠪᠥᠬᠦᠶ | ᠲᠥᠯᠥᠪᠵᠢᠭᠦᠯᠭᠡ ᠪᠠ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ᠨᠠᠩ | ᠳᠥᠭᠦᠮ ᠳᠥᠲᠡ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠨᠥᠬᠦᠴᠡᠯ ᠬᠠᠩᠭᠠᠨ᠎ᠠ᠃ | ᠣᠳᠣᠬᠠᠨ ᠳᠤ᠂ ᠡᠨᠡ 12 ᠵᠤᠷᠪᠤᠰ ᠵᠠᠮ ᠨᠡᠪᠲᠡᠷᠡᠭᠦᠯᠬᠦ ᠵᠠᠮ ᠤᠨ ᠨᠢᠭᠡᠳᠦᠭᠡᠷ ᠱᠠᠲᠤᠨ ᠤ ᠪᠠᠷᠢᠯᠭ᠎ᠠ ᠶᠢᠨ | ᠵᠢᠷᠤᠭ ᠤᠨ ᠵᠢᠷᠤᠭ ᠲᠥᠯᠥᠪᠯᠡᠭᠡ ᠨᠢ ᠨᠢᠭᠡᠨᠲᠡ ᠴᠣᠬᠤᠯᠠᠪᠤᠷᠢ ᠣᠯᠵᠤ᠂ ᠲᠠᠷᠠᠭᠠᠴᠢ ᠶᠢᠨ ᠠᠯᠬᠤᠮ ᠳᠤ ᠡᠯ᠎ᠡ ᠰᠢᠶᠠᠩ | ᠪᠠᠯᠭᠠᠰᠤᠨ ᠤ ᠵᠠᠰᠠᠭ ᠤᠨ ᠣᠷᠳᠣᠨ ᠠᠴᠠ ᠪᠠᠷᠢᠯᠭ᠎ᠠ ᠪᠠᠷᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠪᠠᠷᠢᠯᠭ᠎ᠠ ᠪᠠᠷᠢᠬᠤ ᠮᠡᠷᠭᠡᠵᠢᠯ ᠤᠨ ᠵᠢᠯᠣᠭᠤᠳᠣᠯᠭ᠎ᠠ ᠶᠢ | ᠬᠠᠷᠢᠭᠤᠴᠠᠭᠤᠯᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | | |