| ᠠᠤᠬᠠᠨ ᠬᠤᠰᠢᠭᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ | ᠣᠯᠠᠨ ᠤ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ | ᠠᠮᠤᠷ ᠲᠦᠪᠰᠢᠨ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ | ᠮᠥᠩᠭᠦ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ ᠲᠥᠪᠯᠡᠷᠡᠭᠦᠯᠦᠨ ᠨᠢᠭᠡᠳᠦᠯᠲᠡᠶ | ᠲᠠᠷᠬᠠᠭᠠᠬᠤ ᠶᠢ ᠬᠡᠷᠡᠭᠵᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ | ᠨᠣᠷᠮ᠎ᠠ 81.57 % ᠳᠤ ᠬᠦᠷᠴᠦ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠤᠨ ᠪᠠᠲᠤᠯᠠᠭ᠎ᠠ ᠶᠢᠨ | ᠺᠠᠷᠲ ᠤᠨ ᠳᠡᠩᠰᠡᠯᠡᠯᠲᠡ ᠶᠢᠨ ᠨᠣᠷᠮ᠎ᠠ 80 % ᠳᠤ ᠬᠥᠷᠬᠦ ᠲᠣᠭᠲᠠᠭᠰᠠᠨ ᠬᠠᠷᠠᠯᠲᠠ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ︽ᠨᠢᠭᠡ ᠬᠥᠮᠦᠨ ᠣᠯᠠᠨ ᠺᠠᠷᠲ︾᠂ ︽ᠬᠥᠮᠦᠨ ᠺᠠᠷᠲ ᠢ ᠰᠠᠯᠭᠠᠬᠤ︾ ᠵᠡᠷᠭᠡ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠪᠡ᠃ | ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠪᠣᠯᠤᠨ ᠡᠳ᠋ ᠤᠨ ᠵᠠᠰᠠᠭ ᠤᠨ ᠨᠥᠬᠦᠪᠥᠷᠢ ᠶᠢ ᠨᠢᠭᠡ ᠯᠡ ᠺᠠᠷᠲ ᠳᠤ ᠣᠷᠣᠭᠤᠯᠵᠤ᠂ ᠪᠡᠯᠡ | ᠮᠥᠩᠭᠦ ᠶᠢᠨ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠵᠣᠯ ᠵᠢᠷᠭᠠᠯ ᠤᠨ ᠢᠯᠡᠳᠬᠡᠮᠵᠢ ᠶᠢ ᠶᠡᠬᠡᠰᠬᠡᠵᠦ᠂ ᠤᠯᠠᠨ | ᠲᠦᠮᠡᠨ ᠤ ᠵᠣᠯ ᠵᠢᠷᠭᠠᠯ ᠤᠨ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨ ᠬᠦ ᠨᠡᠮᠡᠭᠳᠡᠭᠦᠯᠵᠦ᠂ ᠤᠯᠠᠨ | ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ | |