ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠢᠨ ᠮᠠᠨ ᠤ ᠬᠤᠰᠢᠭᠤᠨ ᠳᠤ ᠢᠷᠡᠵᠦ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠨᠡᠮᠡᠵᠦ ᠲᠠᠷᠬᠠᠭᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/12
     9 ᠰᠠᠷ᠎ᠠ ᠶᠢᠨ 10 ᠤ ᠡᠳᠦᠷ᠂ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠶᠣᠣ ᠰᠢᠤᠸᠠᠢ ᠢᠦᠶ᠂ ᠰᠢᠤᠢ ᠬᠤᠩ ᠯᠢ ᠮᠠᠨ ᠤ ᠬᠤᠰᠢᠭᠤᠨ ᠳᠤ ᠢᠷᠡᠵᠦ ᠤᠯᠤᠰ ᠤᠨ ᠵᠢᠭᠡᠯᠡᠯᠭᠡ ᠨᠡᠮᠡᠵᠦ ᠲᠠᠷᠬᠠᠭᠠᠬᠤ ᠲᠥᠷᠥᠯ ᠵᠦᠢᠯ ᠤᠨ ᠬᠢᠨᠠᠨ ᠵᠢᠯᠣᠭᠤᠳᠣᠯᠭ᠎ᠠ ᠶᠢ ᠥᠷᠨᠢᠭᠦᠯᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ  ᠬᠢᠨ ᠠᠤᠬᠠᠨ ᠬᠤᠰᠢᠭᠤᠨ ᠤ ᠰᠢᠶᠤᠤ ᠱᠠᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠪᠠ ᠠᠬᠢᠴᠠ ᠶᠢ ᠪᠡᠶᠡᠯᠡᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠬᠠᠷᠢᠭᠤᠴᠠᠯᠭᠠᠲᠠᠨ ᠤ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ᠂ ᠪᠠᠯᠠ ᠮᠥᠩᠭᠦ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ ᠤᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠ ᠠᠪᠤᠭᠰᠠᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠲᠤᠬᠠᠶ ᠶᠢᠨ ᠲᠠᠯᠠᠪᠠᠶ ᠳᠤ ᠰᠣᠨᠣᠰᠪᠠ᠃    ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠡᠮᠡᠭᠳᠡᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠤᠯᠢ ᠲᠣᠭᠲᠠᠭᠠᠯ ᠶᠣᠰᠣᠭᠠᠷ ᠳᠥᠯᠭᠢᠨ ᠠᠬᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠲᠥᠷᠥᠯ ᠵᠦᠢᠯ ᠤᠨ ᠠᠬᠢᠴᠠ ᠶᠢ ᠪᠠᠲᠤᠯᠠᠬᠤ ᠶᠢᠨ ᠬᠠᠮᠲᠤ ᠪᠠᠰᠠ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠠᠯᠠ ᠮᠥᠩᠭᠦ ᠶᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠦᠷᠭᠦᠯᠵᠢᠯᠡᠨ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠷᠥᠯ ᠵᠦᠢᠯ ᠢ ᠡᠷᠲᠡᠬᠡᠨ ᠤᠷᠤᠭᠰᠢᠲᠠᠶ ᠳᠠᠭᠤᠰᠬᠠᠵᠤ᠂ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠠᠤᠬᠠᠨ ᠬᠤᠰᠢᠭᠤᠨ ᠤ ᠰᠢᠶᠤᠤ ᠱᠠᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠪᠣᠯ 2023 ᠣᠨ ᠤ ᠬᠤᠶᠠᠳᠤᠭᠠᠷ ᠪᠦᠯᠦᠭ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠪᠣᠯᠤᠨ᠎ᠠ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠪᠣᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠪᠣᠯ ᠤᠰᠤ ᠬᠠᠳᠠᠭᠠᠯᠠᠬᠤ ᠴᠥᠭᠦᠷᠥᠮ ᠢ ᠲᠣᠬᠢᠷᠠᠭᠤᠯᠤᠨ ᠰᠠᠶᠢᠵᠢᠷᠠᠭᠤᠯᠬᠤ ᠬᠤᠭᠤᠯᠠᠶ ᠶᠢᠨ ᠪᠠᠷᠢᠯᠭ᠎ᠠ᠂ ᠴᠠᠬᠢᠯᠭᠠᠨ ᠬᠠᠩᠭᠠᠬᠤ  ᠲᠦᠬᠦᠭᠡᠷᠦᠮᠵᠢ ᠪᠠ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠪᠣᠯᠤᠨ᠎ᠠ᠂ ᠢᠨᠵᠧᠨᠧᠷᠢᠩ ᠤᠨ ᠥᠭᠡᠷᠡᠴᠢᠯᠡᠯᠲᠡ ᠪᠠᠷ ᠳᠠᠮᠵᠢᠭᠤᠯᠤᠨ ᠤᠰᠤᠯᠠᠯᠲᠠ ᠶᠢᠨ ᠣᠷᠣᠨ ᠤ ᠦᠨᠳᠦᠰᠦᠨ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠤᠰᠤᠯᠠᠯᠲᠠ ᠶᠢᠨ ᠴᠢᠳᠠᠮᠵᠢ ᠶᠢ ᠰᠠᠶᠢᠵᠢᠷᠠᠭᠤᠯᠤᠨ᠎ᠠ᠃ ᠢᠨᠵᠧᠨᠧᠷᠢᠩ ᠨᠢ 2024 ᠣᠨ ᠤ 4 ᠰᠠᠷ᠎ᠠ ᠳᠤ ᠠᠵᠢᠯ ᠢᠶᠠᠨ ᠡᠬᠢᠯᠡᠭᠦᠯᠵᠦ᠂ 2024 ᠣᠨ ᠤ 10 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠵᠤ᠂ ᠤᠳᠤ ᠪᠠᠷᠢᠯᠭ᠎ᠠ ᠶᠢᠨ ᠠᠬᠢᠴᠠ ᠤᠷᠤᠭᠰᠢᠲᠠᠢ ᠪᠠᠶᠢᠵᠤ᠂ ᠨᠢᠭᠡᠨᠲᠡ 1900 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢᠨ 63% ᠶᠢ ᠡᠵᠡᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号