ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠠᠭᠠᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/9/12
    ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠠᠭᠤᠷᠬᠠᠶ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠶᠢ ᠢᠳᠡᠪᠬᠢᠲᠡᠶ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠣᠨᠣᠯᠵᠢᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠪᠥᠬᠦ ᠣᠷᠣᠨ ᠪᠦᠰᠡ ᠳᠤ ᠳᠥᠯᠭᠢᠨ ᠠᠬᠢᠭᠤᠯᠵᠤ᠂ ᠪᠠᠶᠢᠷᠢᠰᠢᠯ ᠨᠢ ᠵᠦᠶ ᠵᠣᠬᠢᠰᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠣᠷᠴᠢᠨ ᠲᠣᠭᠤᠷᠢᠨ ᠨᠢ ᠰᠢᠯᠢᠳᠡᠭ ᠰᠠᠶᠢᠨ᠂ ᠣᠷᠣᠨ ᠪᠦᠰᠡ ᠶᠢᠨ ᠠᠵᠤ ᠠᠬᠤᠶ ᠰᠠᠶᠢᠨ ᠬᠥᠭᠵᠢᠭᠰᠡᠨ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠥᠯᠢᠭᠡᠷ ᠳᠠᠭᠤᠷᠢᠶᠠᠯ ᠢ ᠢᠳᠡᠪᠬᠢᠲᠡᠶ ᠪᠣᠶ ᠪᠣᠯᠭᠠᠨ᠎ᠠ᠃    ᠨᠢᠭᠡ ᠲᠠᠯ᠎ᠠ ᠪᠠᠷ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠢ ᠢᠳᠡᠪᠬᠢᠲᠡᠢ ᠦᠷᠨᠢᠭᠦᠯᠦᠨ᠎ᠡ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠵᠠᠷᠴᠢᠮ ᠢ ᠢᠮᠠᠭᠲᠠ ᠪᠠᠷᠢᠮᠲᠠᠯᠠᠨ ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠮᠢ ᠠᠬᠤᠶ ᠶᠢ ᠰᠡᠷᠭᠦᠭᠡᠨ ᠵᠠᠰᠠᠬᠤ ᠶᠢ ᠠᠬᠢᠭᠤᠯᠵᠤ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠬᠤ᠂ ᠵᠠᠰᠠᠬᠤ ᠶᠢᠨ ᠳᠠᠭᠠᠤ ᠰᠡᠷᠭᠦᠭᠡᠬᠦ︾ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠶᠢ ᠶᠡᠬᠡᠪᠡᠷ ᠠᠬᠢᠭᠤᠯᠵᠤ᠂ ᠠᠭᠤᠷᠬᠠᠶ ᠶᠢᠨ ᠣᠷᠣᠨ ᠤ ᠠᠭᠤᠷᠬᠠᠶ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠣᠨ ᠤ ᠵᠠᠰᠠᠯᠲᠠ ᠶᠢᠨ ᠠᠵᠢᠯ ᠢ ᠴᠢᠩᠭᠠᠳᠬᠠᠵᠤ᠂ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ 2024 ᠣᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠣᠨ ᠤ ᠲᠥᠯᠥᠪᠯᠡᠭᠡ ᠶᠢᠨ ᠪᠢᠴᠢᠭ ᠢ ᠨᠠᠶᠢᠷᠠᠭᠤᠯᠤᠨ ᠵᠣᠬᠢᠶᠠᠨ᠎ᠠ᠃ ᠣᠳᠣᠬᠠᠨ ᠪᠣᠯᠲᠠᠯ᠎ᠠ᠂ 57 ᠠᠵᠤ ᠠᠬᠤᠶᠢᠯᠠᠯ ᠨᠢᠭᠡᠨᠲᠡ ᠵᠢᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠯᠥᠪᠯᠡᠭᠡ ᠶᠢᠨ ᠪᠢᠴᠢᠭ ᠢ ᠨᠠᠶᠢᠷᠠᠭᠤᠯᠤᠨ ᠵᠣᠬᠢᠶᠠᠵᠤ᠂ ᠵᠠᠰᠠᠬᠤ ᠠᠵᠢᠯ ᠢ ᠬᠢᠵᠦ ᠪᠠᠶᠢᠨ᠎ᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠣᠨ ᠤ ᠵᠠᠰᠠᠯᠲᠠ ᠶᠢᠨ ᠠᠵᠢᠯ ᠢ ᠤᠷᠤᠭᠰᠢᠲᠠᠶ ᠥᠷᠨᠢᠭᠦᠯᠬᠦ ᠳᠤ ᠠᠰᠢᠭᠲᠠᠶ ᠠᠵᠤ ᠠᠬᠤᠶ ᠶᠢᠨ ᠪᠠᠲᠤᠯᠠᠭ᠎ᠠ ᠬᠠᠩᠭᠠᠪᠠ᠂ ᠣᠳᠣᠬᠠᠨ ᠳᠤ᠂ ᠨᠢᠭᠡᠨᠲᠡ 57 ᠠᠭᠤᠷᠬᠠᠶ ᠶᠢᠨ ᠠᠵᠤ ᠠᠬᠤᠶᠢᠯᠠᠯ ᠰᠠᠭᠤᠷᠢ ᠮᠥᠩᠭᠦ ᠶᠢᠨ ᠲᠠᠩᠰᠠᠨ ᠡᠷᠦᠬᠡ ᠭᠦᠢᠴᠡᠳᠬᠡᠵᠦ᠂ ᠪᠤᠳᠤᠵᠤ ᠭᠠᠷᠭᠠᠭᠰᠠᠨ ᠰᠠᠭᠤᠷᠢ ᠮᠥᠩᠭᠦ ᠨᠡᠶᠢᠲᠡ 5762.46 ᠲᠦᠮᠡᠨ ᠲᠥᠭᠦᠷᠢᠭ ᠲᠤ ᠬᠦᠷᠴᠡᠶ᠃    ᠨᠥᠭᠦᠭᠡ ᠲᠠᠯ᠎ᠠ ᠪᠠᠷ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠡᠬᠢ ᠪᠠᠶᠠᠯᠢᠭ ᠢ ᠠᠰᠢᠭᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠭᠤᠷᠬᠠᠶ ᠶᠢᠨ ᠭᠠᠵᠠᠷ ᠡᠶ᠎ᠡ ᠵᠣᠬᠢᠴᠠᠯ ᠲᠠᠢ ᠪᠣᠬᠢᠷᠲᠤᠯ ᠥᠬᠡᠶ ᠠᠭᠤᠷᠬᠠᠶ ᠶᠢ ᠬᠦᠴᠦᠯᠡᠨ ᠪᠠᠶᠢᠭᠤᠯᠵᠤ ᠂ ᠵᠢᠱᠢᠶ᠎ᠡ ᠦᠵᠡᠭᠦᠯᠬᠦ ᠴᠢᠨᠠᠷᠲᠠᠶ ᠠᠵᠤ ᠠᠬᠤᠶᠢᠯᠠᠯ ᠤᠨ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠬᠤ ᠶᠢ ᠢᠳᠡᠪᠬᠢᠲᠡᠶ ᠠᠬᠢᠭᠤᠯᠤᠨ᠂ ᠪᠤᠰᠤᠳ ᠠᠵᠤ ᠠᠬᠤᠶᠢᠯᠠᠯ ᠤᠨ ᠡᠭᠦᠨ ᠢᠶᠠᠷ ᠵᠢᠱᠢᠶ᠎ᠡ ᠦᠵᠡᠭᠦᠯᠦᠨ ᠪᠥᠲᠥᠭᠡᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠬᠥᠲᠥᠯᠦᠨ ᠵᠢᠯᠣᠭᠤᠳᠬᠤ ᠪᠠ ᠰᠢᠮᠳᠠᠭᠤᠯᠤᠨ᠎ᠠ᠃ ᠠᠤᠬᠠᠨ ᠬᠤᠰᠢᠭᠤ ᠨᠢᠭᠡᠨᠲᠡ 4 ᠠᠭᠤᠷᠬᠠᠢ ᠶᠢᠨ ᠠᠵᠤ ᠠᠬᠤᠶᠢᠯᠠᠯ ︵ ᠶᠢᠨ ᠴᠠᠩ ᠭᠧᠤ ᠯᠢᠶᠠᠩ ᠤᠨ ᠠᠯᠲᠠᠨ ᠤ ᠠᠭᠤᠷᠬᠠᠢ᠂ ᠵᠤᠸᠠᠨ ᠱᠠᠨᠽᠢ ᠠᠯᠲᠠᠨ ᠤ ᠠᠭᠤᠷᠬᠠᠢ᠂ ᠡᠯ ᠳ᠋ᠤᠤ ᠭᠧᠦ ᠶᠢᠨ ᠠᠯᠳᠠᠨ ᠤ ᠠᠭᠤᠷᠬᠠᠢ᠂ ᠮᠠᠥ ᠲᠧᠦ ᠱᠠᠨ ᠠᠭᠤᠯᠠ ᠶᠢᠨ ᠴᠢᠯᠠᠭᠤᠯᠢᠭ ᠤᠨ ᠠᠯᠲᠠᠨ ᠤ ᠠᠭᠤᠷᠬᠠᠢ︶ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠬᠤ ᠶᠢᠨ ᠬᠠᠮᠲᠤ ᠪᠣᠬᠢᠷᠳᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠵᠤ᠂ ᠡᠭᠦᠨ ᠳᠤ 3 ᠠᠭᠤᠷᠬᠠᠢ ᠶᠢᠨ ᠠᠵᠤ ᠠᠬᠤᠶᠢᠯᠠᠯ ᠢ ᠪᠥᠬᠦ ᠤᠯᠤᠰ ᠤᠨ ᠪᠣᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号