ᠠᠤᠬᠠᠨ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/12
      ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023—2025 ᠣᠨ︶︾ ᠶᠢ ᠪᠦᠲᠦᠮᠵᠢᠲᠡᠶ ᠠᠬᠢᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠳᠤ᠂ ᠠᠤᠬᠠᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ᠃ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠳ᠋ᠦᠩᠨᠡᠯᠲᠡ ᠬᠢᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠡᠨᠡ ᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    ᠠᠤᠬᠠᠨ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ ᠴᠢᠩᠭᠠᠳᠬᠠᠵᠤ᠂ ᠬᠡᠪ ᠴᠢᠨᠠᠷ ᠢᠶᠠᠷ ᠥᠨᠳᠥᠷ᠂ ᠣᠪᠣᠷ ᠰᠤᠷᠲᠠᠯ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠠᠬᠢᠯᠭ᠎ᠠ ᠪᠠᠲᠤ ᠴᠢᠩᠭ᠎ᠠ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠬᠦ ᠡᠩᠨᠡᠭᠡ ᠶᠢ ᠴᠢᠷᠮᠠᠶᠢᠨ ᠪᠠᠶᠢᠭᠤᠯᠤᠨ᠎ᠠ︔ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠠᠴᠠ ᠭᠠᠷᠳᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ︽ᠬᠠᠯᠠᠮᠰᠢᠯ ᠠᠰᠠᠭᠤᠳᠠᠯ︾᠂ ︽ᠬᠦᠴᠢᠷ ᠠᠰᠠᠭᠤᠳᠠᠯ︾ ᠤᠨ ᠠᠰᠠᠭᠤᠳᠠᠯ ᠢ ᠰᠢᠢᠳᠪᠦᠷᠢᠯᠡᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠠ ᠦᠨᠳᠦᠰᠦᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号