ᠨᠡᠶᠢᠲᠡ ᠶᠢᠨ ᠠᠰᠠᠷᠠᠮᠵᠢ ᠶᠢᠨ ᠣᠶ ᠶᠢᠨ ᠨᠠᠷᠢᠨ ᠲᠠᠩᠰᠠ ᠳᠤ ᠣᠷᠣᠭᠤᠯᠵᠤ ᠪᠣᠬᠢᠷᠲᠤᠯ ᠥᠬᠡᠶ ᠦᠢᠯᠡᠰ ᠲᠤ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/9/13
    ᠨᠡᠶᠢᠲᠡ ᠶᠢᠨ ᠠᠰᠠᠷᠠᠮᠵᠢ ᠶᠢᠨ ᠣᠶ ᠶᠢᠨ ᠨᠠᠷᠢᠨ ᠲᠠᠩᠰᠠ ᠳᠤ ᠣᠷᠣᠭᠤᠯᠬᠤ ᠠᠵᠢᠯ ᠨᠢ ᠵᠥᠪᠬᠡᠨ ᠨᠢᠭᠡᠨ ᠲᠥᠬᠦᠮ ᠲᠤᠭ᠎ᠠ ᠪᠠᠷᠢᠮᠲᠠ ᠶᠢ ᠲᠡᠮᠳᠡᠭᠯᠡᠬᠦ ᠡᠭᠦᠷᠭᠡ ᠪᠣᠯᠬᠤ ᠪᠠᠷ ᠪᠠᠷᠠᠬᠤ ᠥᠬᠡᠶ᠂ ᠨᠠᠩ ᠴᠤ ᠪᠣᠬᠢᠷᠲᠤᠯ ᠥᠬᠡᠶ ᠬᠡᠷ ᠣᠷᠣᠨ ᠢᠶᠠᠨ ᠰᠠᠬᠢᠨ ᠬᠠᠮᠠᠭᠠᠯᠠᠬᠤ᠂ ᠠᠮᠢ ᠠᠬᠤᠶ ᠶᠢᠨ ᠲᠡᠩᠴᠡᠭᠦᠷᠢ ᠶᠢ ᠪᠠᠲᠤᠯᠠᠬᠤ ᠳᠤ ᠲᠠᠯᠪᠢᠭᠰᠠᠨ ᠪᠠᠲᠤ ᠪᠠᠬᠢ ᠲᠤᠭ᠎ᠠ ᠪᠠᠷᠢᠮᠲᠠ ᠶᠢᠨ ᠰᠠᠭᠤᠷᠢ ᠪᠣᠯᠤᠨ᠎ᠠ᠃ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠯ᠎ᠡ ᠲᠣᠰᠬᠤᠨ ᠤ ᠬᠠᠮᠵᠢᠯᠴᠠᠬᠤ ᠴᠢᠷᠮᠠᠶᠢᠯᠭ᠎ᠠ ᠳᠣᠤᠷ᠎ᠠ᠂ ᠰᠧ ᠳ᠋ᠤᠤ ᠸᠠᠨ ᠽᠢ ᠪᠠᠯᠭᠠᠰᠤ ᠣᠲᠣ ᠨᠢᠭᠡᠨᠲᠡ ᠨᠡᠶᠢᠲᠡ ᠶᠢᠨ ᠠᠰᠠᠷᠠᠮᠵᠢ ᠶᠢᠨ ᠣᠶ ᠶᠢᠨ ᠨᠠᠷᠢᠨ ᠲᠠᠩᠰᠠ ᠶᠢᠨ ᠮᠡᠳᠡᠭᠡ ᠵᠠᠩᠭᠢ ᠶᠢ ᠣᠷᠣᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠢᠯ ᠤᠨ ᠴᠠᠭ ᠬᠤᠭᠤᠴᠠᠭᠠᠲᠤ ᠴᠢᠨᠠᠷ ᠢ ᠪᠠᠲᠤᠯᠠᠭᠰᠠᠨ ᠮᠥᠷᠲᠡᠭᠡᠨ ᠡᠯ᠎ᠡ ᠡᠷᠦᠬᠡ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠪᠠᠲᠤᠯᠠᠭᠰᠠᠨ ᠪᠠᠶᠢᠨ᠎ᠠ᠃    ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠳᠤ ᠡᠬᠡ ᠪᠠᠶᠢᠭᠠᠯᠢ ᠠᠴᠠ ᠪᠢᠳᠡᠨ ᠳᠤ ᠣᠯᠭᠤᠭᠰᠠᠨ ᠡᠷᠬᠢᠮ ᠨᠠᠨᠳᠢᠨ ᠪᠡᠯᠡᠭ ᠪᠣᠯᠤᠭᠰᠠᠨ ᠤ ᠬᠤᠪᠢ ᠳᠤ᠂ ᠠᠭᠤᠷ ᠠᠮᠢᠰᠬᠤᠯ ᠢ ᠲᠣᠬᠢᠷᠠᠭᠤᠯᠬᠤ᠂ ᠬᠥᠷᠥᠰᠥ ᠰᠢᠷᠣᠶ ᠶᠢ ᠬᠠᠮᠠᠭᠠᠯᠠᠬᠤ᠂ ᠠᠮᠢ ᠠᠬᠤᠶ ᠶᠢᠨ ᠦᠢᠯᠡᠴᠢᠯᠡᠭᠡ ᠬᠠᠩᠭᠠᠬᠤ ᠵᠡᠷᠭᠡ ᠮᠠᠰᠢ ᠣᠯᠠᠨ ᠴᠢᠬᠤᠯᠠ ᠴᠢᠳᠠᠮᠵᠢ ᠶᠢ ᠠᠴᠢᠶᠠᠯᠠᠵᠤ ᠪᠠᠶᠢᠳᠠᠭ᠃ ᠬᠠᠷᠢᠨ ᠲᠤᠳᠣᠷᠬᠠᠶ ᠳᠡᠪᠲᠡᠷᠯᠡᠵᠦ ᠣᠷᠤᠬᠤᠯᠤᠭᠰᠠᠨ ᠨᠢ ᠡᠳᠡᠭᠡᠷ ᠡᠷᠬᠢᠮ ᠨᠠᠨᠳᠢᠨ ᠡᠬᠢ ᠪᠠᠶᠠᠯᠢᠭ ᠢ ᠨᠠᠷᠢᠯᠢᠭ ᠣᠨ᠋ᠤᠪᠴᠢᠲᠠᠶ ᠬᠠᠮᠢᠶᠠᠷᠬᠤ ᠪᠠ ᠬᠠᠮᠠᠭᠠᠯᠠᠬᠤ ᠵᠠᠩᠭᠢᠯᠠᠭ᠎ᠠ ᠶᠢᠨ ᠭᠤᠭᠴᠤᠭ᠎ᠠ ᠪᠤᠯᠤᠨ᠎ᠠ᠃ ᠲᠣᠳᠣᠷᠬᠠᠢ ᠳᠡᠪᠲᠡᠷᠯᠡᠵᠦ ᠣᠷᠣᠭᠤᠯᠬᠤ ᠠᠵᠢᠯ ᠳᠤ ᠳᠡᠭᠡᠳᠦ ᠬᠡᠮᠵᠢᠶᠡᠨ ᠤ ᠨᠠᠷᠢᠨ ᠨᠢᠮᠪᠠᠢ ᠪᠠ ᠬᠦᠯᠢᠴᠡᠩᠭᠦᠢ  ᠪᠠᠶᠢᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠣᠶ ᠨᠢᠭᠡᠪᠦᠷᠢ ᠶᠢᠨ ᠣᠷᠣᠨ ᠪᠠᠶᠢᠷᠢ᠂ ᠲᠠᠯᠠᠪᠠᠶ᠂ ᠮᠣᠳᠣᠨ ᠤ ᠲᠥᠷᠥᠯ ᠢᠶᠠᠷ ᠪᠦᠷᠢᠯᠳᠦᠬᠦ᠂ ᠠᠮᠢ ᠠᠬᠤᠶ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠴᠥᠮ ᠵᠥᠪ ᠣᠨᠣᠪᠴᠢᠲᠠᠶ ᠲᠡᠮᠳᠡᠭᠯᠡᠬᠦ ᠬᠡᠷᠡᠭᠲᠡᠶ ᠃ ᠬᠥᠮᠦᠰ ᠠᠮᠢ ᠠᠬᠤᠶ ᠶᠢᠨ ᠬᠠᠮᠠᠭᠠᠯᠠᠭᠴᠢ ᠲᠠᠢ ᠠᠳᠠᠯᠢ ᠪᠠᠷ ᠭᠠᠷ ᠳᠤᠮᠳᠠᠬᠢ ᠳᠠᠷᠤᠪᠴᠢ ᠪᠠᠷ ᠨᠣᠭᠤᠭᠠᠨ ᠥᠩᠭᠡ ᠨᠢᠭᠡᠪᠦᠷᠢ ᠳᠤ ᠥᠪᠡᠷᠮᠢᠴᠡ ᠲᠣᠭᠠᠴᠢᠯᠠᠭᠰᠠᠨ ︽ᠪᠡᠶ᠎ᠡ ᠶᠢᠨ ᠭᠠᠷᠤᠯ︾ ᠣᠯᠭᠤᠵᠤ᠂ ᠲᠣᠭᠠᠴᠢᠯᠠᠭᠰᠠᠨ ᠳᠡᠯᠡᠬᠡᠶ ᠳᠤ ᠪᠣᠬᠢᠷᠲᠤᠯ ᠥᠬᠡᠶ ᠠᠮᠢ ᠨᠠᠰᠤᠨ ᠳᠤ ᠲᠠᠩᠰᠠ ᠡᠪᠬᠡᠮᠡᠯ ᠪᠠᠶᠢᠭᠤᠯᠬᠤ ᠪᠣᠯᠤᠨ᠎ᠠ᠃ ᠡᠨᠡᠬᠦ ᠶᠠᠪᠤᠴᠠ ᠳᠤ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠴᠢᠬᠤᠯᠠ ᠦᠢᠯᠡᠳᠦᠯ ᠦᠵᠡᠭᠦᠯᠳᠡᠭ ᠪᠠᠶᠢᠨ᠎ᠠ᠃ ᠳᠡᠭᠡᠳᠦ ᠨᠠᠷᠢᠯᠢᠭ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ᠂ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠪᠠᠭᠠᠵᠢ ᠨᠢ ᠨᠠᠷᠢᠨ ᠲᠠᠩᠰᠠ ᠶᠢᠨ ᠰᠢᠩᠭᠡᠭᠡᠨ ᠣᠷᠣᠭᠤᠯᠬᠤ ᠳᠤ ᠣᠨᠣᠪᠴᠢᠲᠠᠶ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨ ᠬᠦ ᠪᠠᠲᠤᠯᠠᠭᠰᠠᠨ ᠪᠠᠶᠢᠨ᠎ᠠ᠃    ᠨᠡᠶᠢᠲᠡ ᠶᠢᠨ ᠠᠰᠠᠷᠠᠮᠵᠢ ᠶᠢᠨ ᠣᠶ ᠶᠢ ᠲᠣᠳᠣᠷᠬᠠᠶ ᠳᠡᠪᠲᠡᠷᠯᠡᠵᠦ ᠣᠷᠣᠭᠤᠯᠬᠤ ᠨᠢ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠠᠭᠠᠯᠠᠬᠤ ᠪᠠ ᠬᠥᠭᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤ ᠪᠠᠲᠤ ᠪᠠᠬᠢ ᠰᠠᠭᠤᠷᠢ ᠶᠢ ᠬᠠᠩᠭᠠᠬᠤ ᠮᠥᠷᠲᠡᠭᠡᠨ ᠪᠠᠰᠠ ᠲᠣᠳᠣᠷᠬᠠᠶ ᠲᠡᠮᠳᠡᠭᠯᠡᠭᠰᠡᠨ ᠲᠤᠭ᠎ᠠ ᠪᠠᠷᠢᠮᠲᠠ ᠶᠢ ᠵᠠᠳᠠᠯᠬᠤ ᠪᠠᠷ ᠳᠠᠮᠵᠢᠭᠤᠯᠤᠨ᠂ ᠨᠡᠩ ᠬᠠᠨᠳᠤᠯᠭᠠᠲᠤ ᠴᠢᠨᠠᠷᠲᠠᠶ ᠬᠠᠮᠠᠭᠠᠯᠠᠬᠤ ᠠᠷᠭ᠎ᠠ ᠪᠣᠳᠣᠯᠭ᠎ᠠ ᠲᠣᠭᠲᠠᠭᠠᠵᠤ᠂ ᠡᠬᠢ ᠪᠠᠶᠠᠯᠢᠭ ᠢ ᠵᠦᠢ ᠵᠣᠬᠢᠰᠲᠠᠶ ᠬᠤᠪᠢᠶᠠᠷᠢᠯᠠᠨ᠂ ᠨᠡᠶᠢᠲᠡ ᠶᠢᠨ ᠠᠰᠠᠷᠠᠮᠵᠢ ᠶᠢᠨ ᠣᠶ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠵᠦ ᠴᠢᠳᠠᠨ᠎ᠠ᠃ ᠡᠭᠦᠨ ᠠᠴᠠ ᠭᠠᠳᠠᠨ᠎ᠠ᠂ ᠲᠣᠳᠣᠷᠬᠠᠶ ᠳᠡᠪᠲᠡᠷ ᠣᠷᠣᠭᠤᠯᠬᠤ ᠶᠠᠪᠤᠳᠠᠯ ᠨᠢ ᠨᠡᠶᠢᠲᠡ ᠶᠢᠨ ᠠᠰᠠᠷᠠᠮᠵᠢ ᠶᠢᠨ ᠣᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠠᠰᠢᠭᠲᠠᠶ ᠶᠤᠮ᠃ ᠡᠪᠳᠡᠯᠭᠡ ᠪᠠ ᠡᠵᠡᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠨ᠂ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠤᠷ ᠲᠦᠪᠰᠢᠨ ᠪᠠ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号