ᠬᠤᠸᠠᠩ ᠶᠠᠩ ᠸᠠ ᠪᠠᠯᠭᠠᠰᠤ ᠶᠢᠨ ᠲᠠᠷᠢᠶᠠᠯᠠᠩ ᠤᠨ ᠮᠠᠰᠢᠨ ᠪᠠᠭᠠᠵᠢ ᠪᠥᠬᠦ ᠲᠠᠯ᠎ᠠ ᠪᠠᠷ ︽ᠪᠠᠶᠢᠴᠠᠭᠠᠯᠲᠠ ︾ ᠬᠢᠵᠦ ᠨᠠᠮᠤᠷ ᠤᠨ ᠬᠤᠷᠢᠶᠠᠯᠲᠠ ᠶᠢ  ᠤᠭᠲᠤᠨ᠎ᠠ
ᠨᠡᠶᠢᠲᠡᠯᠡᠭᠰᠡᠨ ᠴᠠᠭ᠄
2024/9/13
    ᠣᠶᠢᠷ᠎ᠠ ᠳᠤ᠂ ᠬᠤᠸᠠᠩ ᠶᠠᠩ ᠸᠠ ᠪᠠᠯᠭᠠᠰᠤ ︽ᠡᠷᠲᠡ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠮᠠᠰᠢᠨ ᠪᠠᠭᠠᠵᠢ ᠳᠤ ᠪᠦᠬᠦ ᠲᠠᠯ᠎ᠠ ᠶᠢᠨ ︽ᠪᠠᠶᠢᠴᠠᠭᠠᠯᠲᠠ︾ ᠬᠢᠵᠦ᠂ ︽  ᠭᠡᠮ ᠲᠠᠢ ᠠᠵᠢᠯᠯᠠᠬᠤ︾ ᠶᠢ ᠡᠷᠡᠰ ᠬᠤᠷᠢᠭᠯᠠᠵᠤ᠂ ᠨᠠᠮᠤᠷ ᠤᠨ ᠬᠤᠷᠢᠶᠠᠯᠲᠠ ᠶᠢᠨ ᠳᠠᠶᠢᠯᠠᠯᠳᠤᠭᠠᠨ ᠡᠬᠢᠯᠡᠬᠦ ᠦᠶ᠎ᠡ ᠳᠤ ᠲᠠᠷᠢᠶᠠᠯᠠᠩ ᠤᠨ ᠮᠠᠰᠢᠨ ᠪᠠᠭᠠᠵᠢ ︽ᠳᠠᠭᠤᠳᠠᠪᠠᠯ ᠢᠷᠡᠵᠦ᠂ ᠢᠷᠡᠪᠡᠯ ᠳᠠᠷᠤᠢ  ᠠᠵᠢᠯᠯᠠᠬᠤ︾ ᠶᠢ ᠪᠠᠲᠤᠯᠠᠵᠤ᠂ ᠠᠵᠢᠯ ᠤᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠡᠨᠡ ᠵᠢᠯ ᠤᠨ ᠨᠠᠮᠤᠷ ᠤᠨ ᠬᠤᠷᠢᠶᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃    ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠸᠠᠩ ᠶᠠᠩ ᠸᠠ ᠪᠠᠯᠭᠠᠰᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠳᠤᠭᠤᠶᠢᠯᠠᠩ ᠪᠠᠶᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠵᠦ᠂ ᠲᠠᠷᠢᠶᠠᠯᠠᠩ ᠤᠨ ᠮᠠᠰᠢᠨ ᠤ ᠡᠷᠦᠬᠡ ᠶᠢ ᠬᠠᠪᠰᠤᠷᠤᠨ ᠡᠷᠲᠡᠬᠡᠨ ᠪᠠᠶᠢᠴᠠᠭᠠᠨ ᠵᠠᠰᠠᠵᠤ᠂ ᠲᠠᠷᠢᠶᠠᠯᠠᠩ ᠤᠨ ᠮᠠᠰᠢᠨ ᠨᠢᠭᠡᠪᠦᠷᠢ ᠶᠢ ᠬᠥᠮᠥᠷᠭᠡ ᠳᠤ ᠣᠷᠣᠭᠤᠯᠬᠤ ᠦᠶ᠎ᠡ ᠳᠤ  ᠭᠡᠮ ᠢ ᠨᠢ ᠵᠠᠰᠠᠵᠤ᠂ ᠪᠠᠶᠢᠴᠠᠭᠠᠨ ᠵᠠᠰᠠᠭᠰᠠᠨ ᠤ ᠳᠠᠷᠠᠭ᠎ᠠ ᠲᠠᠷᠢᠶᠠᠯᠠᠩ ᠤᠨ ᠮᠠᠰᠢᠨ ᠪᠠᠭᠠᠵᠢ ᠶᠢ ᠳᠠᠬᠢᠨ ᠪᠠᠶᠢᠴᠠᠭᠠᠵᠤ᠂ ᠪᠠᠶᠢᠴᠠᠭᠠᠨ ᠵᠠᠰᠠᠬᠤ ᠬᠤᠷᠳᠤᠴᠠ ᠶᠢ ᠪᠣᠳᠠᠲᠠᠶᠢᠵᠢᠭᠤᠯᠤᠭᠰᠠᠨ ᠥᠬᠡᠶ᠂ ᠠᠮᠤᠷ ᠲᠦᠪᠰᠢᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠦᠷᠢᠨ ᠪᠤᠰᠤ ᠲᠠᠷᠢᠶᠠᠯᠠᠩ ᠤᠨ ᠮᠠᠰᠢᠨ ᠪᠠᠭᠠᠵᠢ ᠶᠢ ᠳᠠᠬᠢᠨ ᠵᠠᠰᠠᠵᠤ᠂ ᠮᠧᠬᠠᠨᠢᠭ ᠢ ᠪᠠᠶᠢᠴᠠᠭᠠᠨ ᠵᠠᠰᠠᠬᠤ ᠬᠤᠷᠳᠤᠴᠠ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠲᠦᠷᠭᠡᠳᠬᠡᠵᠦ᠂ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠢ ᠪᠦᠷᠢᠨ ᠪᠦᠲᠦᠨ ᠪᠠᠶᠢᠯᠭᠠᠬᠤ ᠪᠠᠶᠢᠳᠠᠯ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠰᠠᠮᠠᠯ ᠵᠠᠮ ᠳᠠᠭᠠᠤ ᠡᠯᠭᠦᠭᠡ ᠪᠢᠴᠢᠭᠡᠰᠦ ᠡᠯᠭᠦᠬᠦ᠂ ᠡᠷᠦᠬᠡ ᠳᠤ ᠣᠷᠣᠵᠤ ᠰᠤᠷᠪᠤᠯᠵᠢᠯᠠᠨ ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠥᠬᠡᠶ ᠪᠠᠶᠢᠯᠭᠠᠬᠤ ᠶᠢ ᠪᠡᠶᠡᠯᠡᠭᠦᠯᠵᠦ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠠᠶᠤᠯᠭᠦᠶ ᠠᠵᠢᠯᠯᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠵᠢᠢ ᠯᠢ ᠪᠣᠯᠤᠨ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠬᠠᠷᠢᠭᠤᠴᠠᠯᠭᠠᠲᠠᠨ ᠴᠢᠦ ᠲᠢᠶᠧ ᠵᠢᠶᠦ᠋ᠨ ᠬᠡᠯᠡᠭᠰᠡᠨ ᠨᠢ᠄ ︽ᠲᠠᠷᠢᠶᠠᠯᠠᠩ ᠤᠨ ᠮᠠᠰᠢᠨ ᠤ ᠠᠵᠢᠯ ᠤᠨ ᠪᠠᠶᠢᠷᠢ ᠶᠢᠨ ᠠᠵᠢᠯᠲᠠᠳ ᠪᠢᠳᠡᠨ ᠳᠤ ᠵᠢᠯᠣᠭᠤᠴᠢ ᠶᠢᠨ ᠠᠵᠢᠯ ᠤᠨ ᠶᠠᠪᠤᠴᠠ ᠳᠠᠬᠢ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠴᠢᠬᠤᠯᠠ ᠴᠢᠨᠠᠷ ᠢ ᠣᠶᠢᠯᠠᠭᠠᠵᠤ᠂ ᠪᠠᠰᠠ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠮᠡᠳᠡᠯᠭᠡ ᠶᠢ ᠰᠤᠷᠴᠤ ᠣᠯᠪᠠ᠃ ᠪᠢᠳᠡ ᠬᠠᠳᠤᠵᠤ ᠬᠤᠷᠢᠶᠠᠬᠤ ᠮᠠᠰᠢᠨ ᠵᠡᠷᠭᠡ ᠲᠡᠷᠭᠡᠨ ᠤ ᠭᠠᠳᠠᠷ ᠦᠵᠡᠮᠵᠢ᠂  ᠵᠠᠯᠠᠭᠤᠷ᠂ ᠲᠣᠷᠣᠮᠰᠤᠯᠠᠭᠤᠷ᠂ ᠰᠢᠩᠭᠡᠨ ᠳᠠᠷᠣᠴᠠᠳᠣ ᠲᠣᠰᠣᠨ ᠵᠠᠮ᠂ ᠭᠡᠷᠡᠯᠲᠦᠭᠦᠯᠭᠡ ᠶᠢᠨ ᠰᠢᠰᠲ᠋ᠧᠮ᠂ ᠭᠡᠷᠡᠯ ᠣᠶᠢᠯᠭᠠᠬᠤ ᠪᠦᠷᠬᠦᠪᠴᠢ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠳᠤ ᠨᠠᠷᠢᠨ ᠨᠢᠭᠲᠠ ᠰᠢᠯᠭᠠᠨ ᠪᠠᠶᠢᠴᠠᠭᠠᠯᠲᠠ ᠬᠢᠵᠦ᠂ ᠲᠠᠷᠢᠶᠠᠯᠠᠩ ᠤᠨ ᠮᠠᠰᠢᠨ ᠪᠠᠭᠠᠵᠢ ᠶᠢᠨ ᠴᠢᠳᠠᠪᠬᠢ ᠶᠢ ᠬᠠᠮᠤᠭ ᠤᠨ ᠰᠠᠶᠢᠨ ᠪᠠᠶᠢᠯᠭᠠᠬᠤ ᠶᠢ ᠦᠨᠡᠨ ᠬᠦ ᠪᠠᠲᠤᠯᠠᠪᠠ︾ ᠭᠡᠪᠡ᠃     ᠣᠲᠣ ᠪᠣᠯᠲᠠᠯ᠎ᠠ᠂ ᠪᠥᠬᠦ ᠪᠠᠯᠭᠠᠰᠤᠨ ᠳᠤ ᠨᠡᠶᠢᠲᠡ 500 ᠭᠠᠷᠤᠶ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠰᠢᠯᠭᠠᠵᠤ᠂ ᠲᠠᠷᠢᠶᠠᠯᠠᠩ ᠤᠨ ᠮᠠᠰᠢᠨ ᠤ ᠠᠶᠤᠯᠭᠦᠶ  ᠦᠢᠯᠡᠳᠪᠦᠷᠢᠯᠡᠯ ᠤᠨ ᠭᠠᠷ ᠳᠡᠪᠲᠡᠷ ᠢ 300 ᠭᠠᠷᠤᠶ ᠬᠤᠪᠢ ᠲᠠᠷᠬᠠᠭᠠᠪᠠ᠃ ᠳᠠᠷᠠᠭᠠᠴᠢ ᠶᠢᠨ ᠠᠯᠬᠤᠮ ᠳᠤ᠂ ᠬᠤᠸᠠᠩ ᠶᠠᠩ ᠸᠠ ᠪᠠᠯᠭᠠᠰᠤ ᠮᠡᠷᠭᠡᠵᠢᠯ ᠤᠨ ᠠᠵᠢᠯᠲᠠᠳ ᠢ ᠦᠷᠭᠦᠯᠵᠢᠯᠡᠨ ᠵᠣᠬᠢᠶᠠᠨ ᠪᠠᠶᠢᠭᠤᠯᠵᠤ ᠲᠠᠷᠢᠶᠠᠯᠠᠩ ᠤᠨ ᠮᠠᠰᠢᠨ ᠤ ᠡᠷᠦᠬᠡ ᠶᠢ ᠬᠠᠪᠰᠤᠷᠤᠨ ᠪᠠᠶᠢᠴᠠᠭᠠᠨ ᠵᠠᠰᠠᠵᠤ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ᠤᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠵᠡᠷᠭᠡ ᠠᠷᠭ᠎ᠠ ᠬᠡᠯᠪᠡᠷᠢ ᠪᠠᠷ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠲᠠᠷᠢᠶᠠᠯᠠᠩ ᠤᠨ ᠮᠠᠰᠢᠨ ᠤ ᠠᠳᠡᠯ ᠭᠠᠷᠬᠤ ᠠᠴᠠ ᠵᠠᠶᠢᠯᠠᠰᠬᠢᠬᠦ ᠪᠠ ᠪᠠᠭᠠᠰᠬᠠᠵᠤ᠂ ᠲᠠᠷᠢᠶᠠᠯᠠᠩ ᠤᠨ ᠮᠠᠰᠢᠨ ᠤ ᠡᠷᠦᠬᠡ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠨᠠᠮᠤᠷ ᠤᠨ ᠤᠯᠠᠷᠢᠯ ᠤᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号