ᠠᠤᠬᠠᠨ ᠬᠤᠰᠢᠭᠤ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠶᠢ ᠭᠦᠨᠵᠡᠭᠡᠶ ᠴᠡᠭᠴᠡᠯᠡᠨ ᠵᠠᠰᠠᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/9/13
         9 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠶᠢ ᠭᠦᠨᠵᠡᠭᠡᠶ ᠴᠡᠭᠴᠡᠯᠡᠨ ᠵᠠᠰᠠᠬᠤ ᠠᠵᠢᠯ ᠤᠨ ᠬᠤᠷᠠᠯ  ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠬᠤᠷᠠᠯ ᠳᠤ ᠣᠷᠣᠯᠴᠠᠵᠠᠶ᠃
C:\Users\Administrator\Desktop\1_副本.jpg
    ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠠᠮᠵᠢᠭᠤᠯᠪᠠ᠃ ᠪᠥᠬᠦ ᠬᠤᠰᠢᠭᠤᠨ ᠤ ᠰᠡᠵᠢᠭᠲᠡᠶ ᠴᠡᠭ ᠤᠨ ᠲᠤᠭ᠎ᠠ ᠪᠠᠷᠢᠮᠲᠠ ᠶᠢᠨ ᠪᠠᠶᠢᠳᠠᠯ ᠢ ᠮᠡᠳᠡᠭᠳᠡᠪᠡ᠃ ᠪᠥᠬᠦ ᠬᠤᠰᠢᠭᠤᠨ ᠤ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠪᠥᠬᠦ ᠬᠤᠰᠢᠭᠤᠨ ᠤ ᠡᠯ᠎ᠡ ᠡᠮ ᠤᠨ ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ ᠶᠢ ᠵᠢᠷᠤᠮᠵᠢᠭᠤᠯᠬᠤ ᠵᠢᠴᠢ ᠲᠤᠰᠬᠠᠶ ᠠᠵᠢᠯᠯᠠᠭ᠎ᠠ ᠶᠢ ᠬᠠᠮᠵᠢᠯᠴᠠᠨ  ᠰᠠᠶᠢᠲᠤᠷ ᠬᠢᠬᠦ  ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
C:\Users\Administrator\Desktop\2_副本.jpg
    ᠪᠦᠦ ᠯᠢᠨ ᠵᠢᠶᠠ ᠠᠴᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠬᠤᠯᠠ ᠲᠤᠯᠭᠠᠭᠤᠷᠢᠯᠠᠯ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠨᠢᠭᠡ ᠭᠤᠭᠴᠤᠭ᠎ᠠ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ  ᠭᠡᠵᠦ ᠵᠢᠭᠠᠨ ᠭᠠᠷᠭᠠᠪᠠ᠃ ᠪᠦᠦ ᠯᠢᠨ ᠵᠢᠶᠠ ᠠᠴᠠ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠳᠠᠭᠠᠳᠬᠠᠯ ᠳᠤ ᠣᠷᠣᠯᠴᠠᠭᠰᠠᠨ ᠬᠥᠮᠦᠨ ᠪᠠ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠳᠣᠲᠣᠭᠠᠳᠤ ᠪᠠᠶᠢᠭᠤᠯᠤᠮᠵᠢ ᠵᠡᠷᠭᠡ ᠡᠯ᠎ᠡ ᠭᠤᠭᠴᠤᠭ᠎ᠠ ᠳᠤ ᠪᠦᠬᠦᠨ ᠢ ᠬᠠᠮᠤᠷᠴᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ︽ᠠᠮᠢ ᠠᠬᠤᠶ ᠶᠢᠨ ᠲᠣᠣᠷᠵᠢᠯ︾ ᠢ ᠰᠦᠯᠵᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠢᠯ ᠲᠥᠷᠥᠯ ᠵᠢᠴᠢ ᠠᠷᠠᠳ ᠣᠯᠠᠨ ᠤ ᠬᠠᠤᠯᠢ ᠶᠢ ᠰᠠᠬᠢᠬᠤ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠠᠩᠬᠠᠷᠬᠤ ᠶᠢᠨ ᠬᠠᠮᠲᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号