9 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠶᠢ ᠭᠦᠨᠵᠡᠭᠡᠶ ᠴᠡᠭᠴᠡᠯᠡᠨ ᠵᠠᠰᠠᠬᠤ ᠠᠵᠢᠯ ᠤᠨ ᠬᠤᠷᠠᠯ | ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠬᠤᠷᠠᠯ ᠳᠤ ᠣᠷᠣᠯᠴᠠᠵᠠᠶ᠃ | | ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ | ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠳᠠᠮᠵᠢᠭᠤᠯᠪᠠ᠃ ᠪᠥᠬᠦ ᠬᠤᠰᠢᠭᠤᠨ ᠤ ᠰᠡᠵᠢᠭᠲᠡᠶ ᠴᠡᠭ ᠤᠨ ᠲᠤᠭ᠎ᠠ ᠪᠠᠷᠢᠮᠲᠠ ᠶᠢᠨ ᠪᠠᠶᠢᠳᠠᠯ ᠢ | ᠮᠡᠳᠡᠭᠳᠡᠪᠡ᠃ ᠪᠥᠬᠦ ᠬᠤᠰᠢᠭᠤᠨ ᠤ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢ ᠬᠡᠷᠡᠭᠯᠡᠬᠦ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠪᠥᠬᠦ ᠬᠤᠰᠢᠭᠤᠨ ᠤ ᠡᠯ᠎ᠡ ᠡᠮ ᠤᠨ | ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ ᠶᠢ ᠵᠢᠷᠤᠮᠵᠢᠭᠤᠯᠬᠤ ᠵᠢᠴᠢ ᠲᠤᠰᠬᠠᠶ ᠠᠵᠢᠯᠯᠠᠭ᠎ᠠ ᠶᠢ ᠬᠠᠮᠵᠢᠯᠴᠠᠨ | ᠰᠠᠶᠢᠲᠤᠷ ᠬᠢᠬᠦ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠪᠦᠦ ᠯᠢᠨ ᠵᠢᠶᠠ ᠠᠴᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠴᠢᠬᠤᠯᠠ ᠲᠤᠯᠭᠠᠭᠤᠷᠢᠯᠠᠯ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ | ᠨᠢᠭᠡ ᠭᠤᠭᠴᠤᠭ᠎ᠠ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠠᠮᠤᠷ ᠲᠦᠪᠰᠢᠨ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠵᠦ ᠵᠢᠭᠠᠨ | ᠭᠠᠷᠭᠠᠪᠠ᠃ ᠪᠦᠦ ᠯᠢᠨ ᠵᠢᠶᠠ ᠠᠴᠠ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠡᠮᠨᠡᠯᠭᠡ ᠶᠢᠨ ᠬᠤᠷᠢᠶ᠎ᠠ᠂ | ᠡᠮ ᠤᠨ ᠳᠡᠯᠭᠡᠭᠦᠷ᠂ ᠳᠠᠭᠠᠳᠬᠠᠯ ᠳᠤ ᠣᠷᠣᠯᠴᠠᠭᠰᠠᠨ ᠬᠥᠮᠦᠨ ᠪᠠ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ | ᠭᠦᠢᠴᠡᠳᠭᠡᠬᠦ ᠳᠣᠲᠣᠭᠠᠳᠤ ᠪᠠᠶᠢᠭᠤᠯᠤᠮᠵᠢ ᠵᠡᠷᠭᠡ ᠡᠯ᠎ᠡ ᠭᠤᠭᠴᠤᠭ᠎ᠠ ᠳᠤ ᠪᠦᠬᠦᠨ ᠢ ᠬᠠᠮᠤᠷᠴᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠤᠷᠲᠠᠯ ᠴᠢᠬᠡᠴᠢ ᠣᠪᠣᠷ | ᠲᠥᠪ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ︽ᠠᠮᠢ ᠠᠬᠤᠶ ᠶᠢᠨ ᠲᠣᠣᠷᠵᠢᠯ︾ ᠢ ᠰᠦᠯᠵᠢᠵᠦ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ | ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠢᠯ ᠲᠥᠷᠥᠯ ᠵᠢᠴᠢ | ᠠᠷᠠᠳ ᠣᠯᠠᠨ ᠤ ᠬᠠᠤᠯᠢ ᠶᠢ ᠰᠠᠬᠢᠬᠤ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ | ᠲᠦᠪᠰᠢᠨ ᠢ ᠠᠩᠬᠠᠷᠬᠤ ᠶᠢᠨ ᠬᠠᠮᠲᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ | ᠭᠡᠵᠦ ᠱᠠᠭᠠᠷᠳᠠᠪᠠ᠃ | | |