ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠱᠸᠤ ᠯᠢ ᠬᠤᠸᠠᠩ ᠶᠠᠩ ᠸᠠ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠵᠠᠰᠠᠭ ᠤᠨ ᠣᠷᠳᠣᠨ ᠤ ᠳᠡᠳ᠋  ᠳᠠᠷᠤᠭ᠎ᠠ ᠹᠦ᠋ ᠱᠸᠤ ᠯᠢ ᠨᠡᠷ ᠬᠤᠸᠠᠩ ᠶᠠᠩ ᠸᠠ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠹᠦ᠋ ᠱᠸᠤ ᠯᠢ ᠤᠷᠢᠳ ᠬᠤᠵᠢᠳ ᠰᠡᠩᠳᠡᠩ ᠮᠣᠳᠤᠨ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠣᠯ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠰᠡᠩᠳᠡᠩ ᠮᠣᠳᠤᠨ ᠲᠠᠷᠢᠶᠠᠯᠠᠩ ᠤᠨ ᠬᠦᠷᠢᠶᠡᠯᠡᠩ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠰᠡᠩᠳᠡᠩ ᠮᠣᠳᠤᠨ ᠬᠦᠷᠢᠶᠡᠯᠡᠩ ᠤᠨ ᠬᠠᠷᠢᠭᠤᠴᠠᠯᠭᠠᠲᠠᠨ ᠤ ᠰᠡᠩᠳᠡᠩ ᠮᠣᠳᠣ ᠶᠢ ᠲᠠᠷᠢᠬᠤ᠂ ᠪᠤᠶᠢᠵᠢᠭᠤᠯᠬᠤ ᠵᠢᠴᠢ ᠪᠦᠲᠦᠭᠡᠭᠳᠡᠬᠦᠨ ᠢ ᠵᠠᠬ᠎ᠠ ᠳᠡᠯᠭᠡᠭᠦᠷᠴᠢᠯᠡᠨ ᠡᠵᠡᠩᠨᠡᠬᠦ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠡᠭᠦᠨ ᠤ ᠬᠠᠮᠲᠤ ᠰᠡᠩᠳᠡᠩ ᠮᠣᠳᠣ ᠲᠠᠷᠢᠬᠤ᠂ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠦᠷᠦᠯ ᠲᠡᠮᠳᠡᠭ ᠢ ᠪᠤᠢ ᠪᠣᠯᠭᠠᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠵᠤ᠂ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠹᠦ᠋ ᠱᠸᠤ ᠯᠢ ᠠᠴᠠ᠂ ᠲᠣᠰ ᠭᠠᠵᠠᠷ ᠤᠨ ᠲᠠᠷᠢᠮᠠᠯ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠵᠠᠬ᠎ᠠ ᠳᠡᠯᠭᠡᠭᠦᠷᠴᠢᠯᠡᠨ ᠡᠵᠡᠩᠨᠡᠬᠦ ᠳᠡᠭᠡᠷ᠎ᠡ ᠬᠦᠴᠦ ᠲᠠᠯᠪᠢᠵᠤ᠂ ᠰᠡᠩᠳᠡᠩ ᠮᠣᠳᠤᠨ ᠵᠠᠬ᠎ᠠ ᠳᠡᠯᠭᠡᠭᠦᠷ ᠤᠨ ᠠᠵᠤ ᠦᠢᠯᠡᠰ ᠤᠨ ᠬᠡᠯᠬᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠰᠢᠨ᠎ᠡ ᠥᠨᠳᠦᠷᠯᠢᠭ ᠢ ᠴᠣᠭᠴᠠᠯᠠᠬᠤ ᠬᠡᠷᠡᠭᠲᠡᠶ᠃ ᠠᠮᠢ ᠠᠬᠤᠢ ᠶᠢᠨ ᠦᠷ᠎ᠡ ᠠᠰᠢᠭ ᠢ ᠲᠤᠪᠤᠶᠢᠯᠭᠠᠬᠤ ᠮᠥᠷᠲᠡᠭᠡᠨ ᠪᠠᠰᠠ ᠠᠵᠤ ᠠᠬᠤᠢ ᠶᠢᠨ ᠦᠷ᠎ᠡ ᠠᠰᠢᠭ ᠢ ᠳᠤᠪᠤᠶᠢᠯᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠲ᠋ᠧᠷᠢᠶᠠᠯ ᠤᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠣᠨᠣᠪᠴᠢᠲᠠᠢ ᠪᠠᠶᠢᠷᠢ ᠲᠣᠭᠲᠠᠭᠠᠵᠤ᠂ ᠬᠥᠭᠵᠢᠯᠲᠡ ᠶᠢᠨ ᠴᠢᠭᠯᠡᠯ᠂ ᠵᠠᠭᠪᠤᠷ ᠪᠣᠯᠤᠨ ᠵᠠᠮ ᠢ ᠵᠥᠪ ᠡᠵᠡᠮᠳᠡᠬᠦ ᠬᠡᠷᠡᠭᠲᠡᠢ᠃ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠥᠲᠥᠯᠥᠨ ᠳᠠᠭᠠᠭᠤᠯᠬᠤ ᠦᠢᠯᠡᠳᠦᠯ ᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭ᠎ᠠ ᠠᠳᠬᠤᠵᠤ᠂ ᠰᠡᠩᠳᠡᠩ ᠮᠣᠳᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠡᠷᠢᠭᠦᠨ ᠤ ᠦᠢᠯᠡᠳᠪᠦᠷᠢᠯᠡᠵᠦ ᠪᠤᠶᠢᠵᠢᠭᠤᠯᠬᠤ ᠮᠡᠷᠭᠡᠵᠢᠯ ᠪᠠ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠬᠡᠪᠴᠢᠶᠡᠵᠢᠭᠦᠯᠦᠨ ᠳᠠᠷᠢᠬᠤ ᠶᠢ ᠥᠷᠭᠡᠳᠬᠡᠵᠦ᠂ ᠰᠡᠩᠳᠡᠩ ᠮᠣᠳᠤᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠶᠡᠭᠡ ᠪᠠᠷ ᠳᠣᠭᠢᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠵᠦ᠂ ᠡᠷᠬᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠠᠵᠢᠯ ᠬᠢᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠣᠶᠤᠨ ᠴᠢᠳᠠᠯ ᠢᠶᠠᠨ ᠰᠢᠪᠬᠠᠨ᠂ ᠠᠷᠭ᠎ᠠ ᠤᠬᠠᠭᠠᠨ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ  ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号