ᠰᠢᠨ ᠾᠦᠢ ᠪᠠᠯᠭᠠᠰᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 13 ᠤ ᠡᠳᠦᠷ᠂ ᠰᠢᠨ ᠾᠦᠢ ᠪᠠᠯᠭᠠᠰᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠪᠦᠬᠦ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠢᠭᠡᠳᠦᠭᠡᠷ ᠱᠦᠵᠢ᠂ ᠡᠯ᠎ᠡ ᠠᠵᠢᠯᠯᠠᠬᠤ ᠠᠩᠭᠢ ᠶᠢᠨ ᠳᠠᠷᠤᠭ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠳᠡᠳ᠋ ᠱᠦᠵᠢ ︵ᠳᠡᠳ᠋ ᠡᠷᠬᠢᠯᠡᠭᠴᠢ︶ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠰᠦᠨ ᠸᠧᠶ ᠶᠧ ᠬᠤᠷᠠᠯ ᠡᠷᠭᠢᠯᠡᠪᠡ᠃    ᠬᠤᠷᠠᠯ ᠠᠴᠠ ᠡᠩ ᠲᠡᠷᠢᠭᠦᠨ ᠳᠤ ᠭᠡᠰᠢᠭᠦᠨ ᠰᠦᠨ ᠴᠢ ᠳ᠋ᠢ ︽ᠠᠤᠬᠠᠨ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠦᠨ ᠨᠥᠭᠡᠴᠡᠯᠡᠬᠦ ᠬᠤᠶᠠᠷ ᠵᠢᠯ ᠤᠨ ᠲᠥᠯᠥᠪᠯᠡᠭᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠭᠠᠭᠤᠯᠤᠨ ᠰᠤᠷᠤᠯᠴᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠲᠠᠰ ᠳᠠᠷᠠᠭᠠᠯᠠᠯ ᠠᠯᠬᠤᠮ ᠳᠠᠷᠠᠭ᠎ᠠ ᠶᠢ ᠲᠠᠶᠢᠯᠪᠤᠷᠢᠯᠠᠬᠤ ᠶᠢᠨ ᠬᠠᠮᠲᠤ ︽ᠰᠢᠨ ᠾᠦᠢ ᠪᠠᠯᠭᠠᠰᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠦᠨ ᠨᠥᠭᠡᠴᠡᠯᠡᠬᠦ ᠬᠤᠶᠠᠷ ᠵᠢᠯ ᠤᠨ ᠲᠥᠯᠥᠪᠯᠡᠭᠡ ᠶᠢᠨ ᠠᠵᠢᠯ ᠤᠨ ᠶᠠᠪᠤᠴᠠ ᠶᠢᠨ ᠨᠠᠷᠢᠨ ᠲᠠᠩᠰᠠ ︵ᠪᠠᠶᠢᠳᠠᠯ ᠢ ᠣᠶᠢᠯᠠᠭᠠᠬᠤ ᠱᠠᠲᠤ ᠦᠶ᠎ᠡ︶︾ ᠪᠠ ᠲᠠᠩᠰᠠ ᠡᠪᠬᠡᠮᠡᠯ ᠤᠨ ᠭᠠᠷᠴᠠᠭ ᠢ ᠭᠦᠨᠵᠡᠭᠡᠶ ᠪᠠᠶᠢᠴᠠᠭᠠᠨ ᠰᠤᠳᠤᠯᠵᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠪᠥᠬᠦ ᠬᠡᠯᠬᠢᠶᠡᠨ ᠤ ᠠᠵᠢᠯ ᠤᠨ ᠲᠣᠭᠲᠠᠴᠠ ᠶᠢ ᠬᠠᠮᠵᠢᠯᠴᠠᠨ ᠪᠠᠶᠢᠭᠤᠯᠬᠤ ᠶᠢ ᠪᠠᠶᠢᠷᠢᠯᠠᠭᠤᠯᠵᠤ᠂ ᠠᠵᠢᠯ ᠤᠨ ᠠᠬᠢᠴᠠ ᠶᠢ ᠪᠠᠲᠤᠯᠠᠪᠠ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠰᠢᠤ ᠹᠧᠩ ᠠᠴᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠦᠨ ᠨᠥᠭᠡᠴᠡᠯᠡᠬᠦ ᠠᠵᠢᠯ ᠪᠣᠯ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠬᠦ ᠶᠢᠨ ᠠᠯᠤᠰ ᠬᠡᠳᠤ ᠶᠢᠨ ᠪᠤᠳᠤᠯᠭ᠎ᠠ ᠮᠥᠨ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡ ᠶᠢ ᠰᠢᠯᠢᠳᠡᠭᠵᠢᠭᠦᠯᠬᠦ ᠪᠣᠳᠠᠲᠠᠢ ᠬᠡᠷᠡᠭᠴᠡᠭᠡ ᠮᠥᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠮᠥᠨ︔ ᠬᠤᠶᠠᠷ ᠲᠤ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠬᠦ  ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ︽ᠰᠣᠩᠭᠤᠬᠤ᠂  ᠬᠦᠮᠦᠵᠢᠭᠦᠯᠬᠦ᠂ ᠬᠡᠷᠡᠭᠯᠡᠬᠦ︾ ᠭᠤᠷᠪᠠᠨ ᠲᠠᠯ᠎ᠠ ᠶᠢᠨ ᠲᠣᠭᠤᠷᠢᠨ ᠳᠤ ᠡᠬᠢ ᠡᠭᠦᠰᠦᠯ ᠠᠴᠠ ᠨᠢ ︽ᠰᠢᠯᠢᠳᠡᠭ ᠢ ᠨᠢ ᠰᠣᠩᠭᠤᠬᠤ︾᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ︽ᠬᠦᠮᠦᠵᠢᠭᠦᠯᠦᠨ ᠪᠣᠶᠢᠵᠢᠭᠤᠯᠵᠤ︾᠂ ᠴᠢᠩᠭ᠎ᠠ ᠬᠠᠮᠢᠶᠠᠷᠤᠨ ᠬᠠᠶᠢᠷᠠᠯᠠᠨ ᠬᠠᠷᠠᠭᠠᠯᠵᠠᠵᠤ ︽ᠦᠯᠡᠳᠡᠭᠡᠨ ᠬᠡᠷᠡᠭᠯᠡᠬᠦ︾ ᠶᠢ ᠪᠡᠶᠡᠯᠡᠭᠦᠯᠬᠦ ᠬᠡᠷᠡᠭᠲᠡᠢ︔ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠪᠠᠯᠭᠠᠰᠤᠨ ᠤ ᠨᠠᠮ ᠤᠨ ᠬᠤᠷᠢᠶ᠎ᠠ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠠᠢ ᠠᠳᠬᠤᠨ ᠨᠠᠷᠢᠯᠢᠭ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠤᠢ ᠰᠢᠭᠤᠢ ᠶᠢᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠶᠢ ᠬᠠᠷᠭᠤᠭᠤᠯᠤᠨ ᠪᠠᠶᠢᠴᠠᠭᠠᠬᠤ᠂ ᠮᠠᠯ ᠠᠵᠤ ᠠᠬᠤᠢ ᠶᠢᠨ ᠬᠢᠵᠢᠭ ᠢ ᠰᠡᠷᠭᠡᠶᠢᠯᠡᠬᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠲᠠᠬᠢᠨ ᠬᠢᠨᠠᠵᠤ ᠮᠠᠭᠠᠳᠯᠠᠨ ᠲᠣᠭᠲᠠᠭᠠᠬᠤ᠂ ᠨᠡᠶᠢᠭᠡᠮ ᠤᠨ ᠠᠪᠤᠷᠠᠨ ᠲᠤᠰᠠᠯᠠᠬᠤ ︽ᠭᠤᠷᠪᠠᠨ ᠪᠠᠲᠤᠯᠠᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠡᠭᠦᠨ ᠤ ᠬᠠᠮᠲᠤ᠂ ᠨᠠᠢᠮᠠᠨ ᠰᠠᠷ᠎ᠠ ᠶᠢᠨ ᠠᠷᠪᠠᠨ ᠲᠠᠪᠤᠨ ᠪᠣᠯᠤᠨ ᠠᠷᠪᠠᠨ ᠰᠠᠷ᠎ᠠ ᠶᠢᠨ ᠨᠢᠭᠡᠨ ᠤ ᠬᠤᠣᠰ ᠪᠠᠶᠠᠷ ᠤᠨ ᠬᠤᠭᠤᠴᠠᠭᠠᠨ ᠳᠠᠬᠢ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠲᠣᠭᠲᠠᠭᠤᠨ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠵᠤ᠂ ᠠᠷᠠᠳ ᠤᠯᠠᠨ ᠳᠤ ᠠᠮᠤᠷ ᠲᠦᠪᠰᠢᠨ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号