ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠠᠰᠠᠷᠠᠨ ᠬᠠᠷᠠᠭᠠᠯᠵᠠᠬᠤ ᠭᠠᠵᠠᠷ ᠤᠨ ᠭᠦᠸᠧ ᠲᠢᠶᠠᠨ ᠳ᠋ᠦᠩ ᠨᠠᠷ ᠠᠤᠬᠠᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠠᠰᠠᠷᠠᠨ ᠬᠠᠷᠠᠭᠠᠯᠵᠠᠬᠤ ᠭᠠᠵᠠᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠭᠦᠸᠧ ᠲᠢᠶᠠᠨ ᠳ᠋ᠦᠩ ᠨᠠᠷ ᠠᠤᠬᠠᠨ ᠬᠤᠰᠢᠭᠤᠨ ᠳᠤ ᠢᠷᠡᠵᠦ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠵᠣᠣ ᠵᠢᠩ ᠸᠠᠩ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠭᠤᠤ ᠵᠢᠶᠠᠨ ᠮᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠭᠦᠸᠧ ᠲᠢᠶᠠᠨ ᠳ᠋ᠦᠩ ᠠᠤᠬᠠᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠬᠠᠮᠠᠭᠠᠯᠠᠨ ᠠᠰᠢᠭᠯᠠᠬᠤ ᠠᠵᠢᠯ ᠢ ᠨᠠᠷᠢᠨ ᠣᠶᠢᠯᠠᠭᠠᠵᠤ᠂ ᠰᠢᠨ ᠾᠦᠢ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠵᠢᠴᠢ ᠳᠡᠯᠭᠡᠨ ᠦᠵᠡᠭᠦᠯᠬᠦ ᠣᠷᠳᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠭᠦᠸᠧ ᠲᠢᠶᠠᠨ ᠳ᠋ᠦᠩ ᠠᠤᠬᠠᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠬᠠᠮᠠᠭᠠᠯᠠᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠦᠷᠡᠭᠳᠡᠭᠰᠡᠨ ᠪᠠᠭᠠᠲᠤᠷᠴᠤᠳ ᠤᠨ  ᠣᠩᠭᠤᠨ ᠤ ᠬᠦᠷᠢᠶᠡᠯᠡᠩ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠤᠨ ᠬᠠᠮᠠᠭᠠᠯᠠᠬᠤ ᠵᠡᠷᠭᠡ ᠲᠠᠯ᠎ᠠ ᠶᠢᠨ ᠴᠢᠬᠤᠯᠠ ᠦᠢᠯᠡᠳᠦᠯ ᠢ ᠭᠦᠢᠴᠡᠳ ᠨᠤᠲᠠᠯᠠᠬᠤ ᠶᠢᠨ ᠬᠠᠮᠲᠤ ᠰᠢᠨ ᠾᠦᠢ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠤᠨ ᠦᠵᠡᠭᠦᠯᠦᠯᠭᠡ ᠶᠢᠨ ᠣᠷᠳᠣᠨ ᠢ ᠪᠦᠬᠦ ᠣᠷᠣᠨ ᠤ ᠨᠢᠭᠡᠳᠦᠭᠡᠷ ᠪᠦᠯᠦᠭ ᠤᠨ 3 ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠣᠷᠳᠣᠨ ᠤ ᠨᠢᠭᠡ ᠳᠤ ᠣᠷᠣᠭᠤᠯᠵᠤ᠂ VR ᠸᠢᠳᠢᠣ᠋ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠢᠰᠲ᠋ᠧᠮ ᠳᠤ ᠳᠡᠯᠭᠡᠨ ᠦᠵᠡᠭᠦᠯᠪᠡ᠃ ᠡᠭᠦᠨ ᠤ ᠬᠠᠮᠲᠤ ᠠᠤᠬᠠᠨ ᠬᠤᠰᠢᠭᠤ ᠶᠢ ᠪᠥᠬᠦ ᠣᠷᠣᠨ ᠤ ᠰᠦᠯᠵᠢᠶᠡᠨ ᠳᠡᠭᠡᠷᠡᠬᠢ ᠦᠷᠡᠭᠳᠡᠭᠰᠡᠨ ᠪᠠᠭᠠᠲᠤᠷᠴᠤᠳ ᠢ ᠳᠠᠬᠢᠬᠤ 2 ᠲᠤᠷᠰᠢᠯᠲᠠ ᠶᠢᠨ ᠨᠢᠭᠡᠴᠡ ᠶᠢᠨ ᠨᠢᠭᠡ ᠪᠣᠯᠭᠠᠵᠤ᠂ ᠰᠦᠯᠵᠢᠶᠡᠨ ᠳᠡᠭᠡᠷᠡᠬᠢ ᠲᠠᠬᠢᠯᠭ᠎ᠠ ᠶᠢᠨ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠳᠤᠷᠠᠰᠬᠠᠯ ᠤᠨ ᠬᠦᠷᠢᠶᠡᠯᠡᠩ ᠢ ᠪᠠᠶᠢᠭᠤᠯᠵᠤ᠂ ᠪᠥᠬᠦ ᠬᠦᠴᠦᠨ ᠢᠶᠠᠷ ᠢᠶᠠᠨ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠪᠠ ᠬᠦᠰᠡᠯ ᠡᠷᠡᠮᠡᠯᠵᠡᠯ ᠲᠠᠢ ᠨᠡᠶᠢᠭᠡᠮ ᠨᠡᠶᠢᠲᠡ ᠳᠤ ᠣᠯᠠᠨ ᠶᠠᠩᠵᠤ ᠶᠢᠨ ᠰᠦᠯᠵᠢᠶᠡᠨ ᠳᠡᠭᠡᠷᠡᠬᠢ ᠲᠠᠬᠢᠯᠭ᠎ᠠ ᠶᠢᠨ ᠳᠤᠷᠠᠰᠬᠠᠯ ᠤᠨ ᠦᠢᠯᠡᠴᠢᠯᠡᠭᠡ ᠬᠠᠩᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠵᠢᠴᠢ ᠦᠵᠡᠰᠬᠦᠯᠡᠩ ᠤᠨ ᠣᠷᠳᠣᠨ ᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠳᠤᠷᠠᠰᠬᠠᠯ ᠤᠨ ᠲᠥᠬᠦᠭᠡᠷᠦᠮᠵᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠲᠠᠯ᠎ᠠ ᠪᠠᠷ ᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠨᠡᠶᠢᠭᠡᠮ ᠳᠤ ︽ᠦᠷᠡᠭᠳᠡᠭᠰᠡᠨ ᠪᠠᠭᠠᠲᠤᠷᠴᠤᠳ ᠢ ᠳᠡᠭᠡᠳᠦᠯᠡᠬᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠦᠷᠡᠭᠳᠡᠭᠰᠡᠨ ᠪᠠᠭᠠᠲᠤᠷᠴᠤᠳ ᠠᠴᠠ ᠰᠤᠷᠤᠯᠴᠠᠬᠤ᠂ ᠦᠷᠡᠭᠳᠡᠭᠰᠡᠨ ᠪᠠᠭᠠᠲᠤᠷᠴᠤᠳ ᠢᠶᠠᠨ ᠬᠠᠮᠠᠭᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号