ᠬᠠᠶᠢᠳᠢᠶᠠᠨ ᠲᠣᠭᠤᠷᠢᠭ ᠤᠨ ᠽᠢ ᠵᠦ ᠶᠤᠸᠠᠨ ᠵᠡᠭᠡᠯᠢ ᠭᠤᠳᠤᠮᠵᠢ ᠶᠢᠨ ᠬᠢᠨ ᠹᠧᠩ ᠱᠸᠦ ᠰᠢᠶᠠᠩ ᠳᠤ ᠬᠦᠷᠴᠦ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/18
          ᠬᠠᠶᠢᠳᠢᠶᠠᠨ ᠲᠣᠭᠤᠷᠢᠭ ᠤᠨ ᠽᠢ ᠵᠦ ᠶᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠨᠢ ᠸᠧᠨ ᠯᠦᠩ  ᠵᠡᠷᠭᠡ 11 ᠬᠥᠮᠦᠨ ᠹᠧᠩᠱᠸᠤ ᠰᠢᠶᠠᠩ ᠳᠤ ᠬᠦᠷᠴᠦ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠰᠢᠶᠠᠩ ᠤᠨ ᠨᠠᠮ ᠤᠨ ᠬᠤᠷᠢᠶᠠᠨ ᠤ ᠱᠦᠵᠢ ᠭᠤᠤ ᠬᠤᠩ ᠹᠸᠢ ᠂  ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠂  ᠵᠠᠰᠠᠭ ᠤᠨ ᠣᠷᠳᠤᠨ ᠤ ᠳᠠᠷᠤᠭ᠎ᠠ  ᠲᠢᠶᠠᠨ ᠱᠤ᠋ ᠢᠦᠶ᠂ ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠦ᠋ ᠴᠧᠩ ᠯᠢᠩ᠂ ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠶᠠᠮᠤᠨ ᠤ ᠰᠠᠶᠢᠳ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᡁᠢ ᠭᠠᠩ ᠪᠥᠬᠦ ᠶᠠᠪᠤᠴᠠ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩ ᠵᠠᠩᠽᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠪᠠᠶᠢᠴᠠᠭᠠᠨ ᠰᠤᠳᠤᠯᠵᠤ᠂ ᠰᠦᠩ ᠵᠠᠩᠽᠢ ᠡᠷᠲᠡᠨ ᠤ ᠲᠣᠰᠬᠤᠨ᠂ ᠦ᠋ ᠠᠨ ᠵᠧᠦ ᠶᠢᠨ ᠯᠢᠶᠣᠤ ᠤᠯᠤᠰ ᠤᠨ ᠰᠤᠪᠤᠷᠭ᠎ᠠ᠂ ᠯᠢᠶᠣᠤ ᠤᠯᠤᠰ ᠤᠨ ᠰᠤᠪᠤᠷᠭ᠎ᠠ ᠶᠢᠨ ᠳᠡᠯᠭᠡᠨ ᠦᠵᠡᠭᠦᠯᠬᠦ ᠣᠷᠳᠣᠨ ᠵᠢᠴᠢ ᠠᠤᠬᠠᠨ ᠨᠠᠷᠢᠮᠤ ᠶᠢᠨ ᠮᠦᠽᠧᠢ ᠶᠢ ᠲᠣᠭᠤᠷᠢᠨ ᠦᠵᠡᠪᠡ᠃    ᠬᠤᠤᠰᠯᠠᠯ ᠪᠠᠶᠢᠭᠤᠯᠵᠤ ᠬᠠᠪᠰᠤᠷᠤᠨ ᠲᠡᠳᠬᠦᠬᠦ ᠶᠢ ᠵᠣᠯᠭᠠᠭᠤᠯᠬᠤ ᠬᠤᠷᠠᠯ ᠳᠡᠭᠡᠷ᠎ᠡ᠂ ᠭᠤᠤ ᠬᠤᠩ ᠹᠸᠢ ᠽᠢ ᠵᠦ ᠶᠤᠸᠠᠨ ᠵᠡᠭᠡᠯᠢ ᠭᠤᠳᠤᠮᠵᠢ ᠶᠢᠨ ᠬᠢᠨ ᠤᠷᠲᠤ ᠬᠤᠭᠤᠴᠠᠭᠠᠨ ᠤ ᠲᠤᠷᠰᠢ ᠹᠧᠩ ᠱᠸᠦ ᠰᠢᠶᠠᠩ ᠤᠨ ᠡᠯ᠎ᠡ ᠵᠦᠢᠯ ᠤᠨ ᠠᠵᠢᠯ ᠦᠢᠯᠡᠰ ᠤᠨ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠤᠬᠠᠨ ᠬᠤᠰᠢᠭᠤᠨ ᠤ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠹᠧᠩ ᠱᠸᠦ ᠰᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠢᠷᠡᠭᠡᠳᠦᠶ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠨᠢ ᠸᠧᠨ ᠯᠦᠩ ᠢᠯᠡᠷᠬᠡᠶᠢᠯᠡᠬᠦ ᠳᠡᠭᠡᠨ᠂ ᠬᠠᠶᠢᠳᠢᠶᠠᠨ ᠲᠣᠭᠤᠷᠢᠭ ᠨᠢ ᠹᠧᠩ ᠱᠸᠦ ᠰᠢᠶᠠᠩ ᠤᠨ ᠬᠥᠭᠵᠢᠯᠲᠡ ᠶᠢ ᠦᠷᠭᠦᠯᠵᠢᠯᠡᠨ ᠳᠡᠮᠵᠢᠨ᠎ᠡ᠂ ᠣᠨᠴᠠᠭᠠᠶᠢᠯᠠᠨ ᠰᠢᠨᠵᠢᠯᠡᠬᠦ ᠮᠡᠷᠭᠡᠵᠢᠯ ᠰᠤᠷᠭᠠᠨ ᠬᠥᠮᠦᠵᠢᠯ ᠪᠣᠯᠣᠨ ᠡᠮ ᠡᠮᠨᠡᠯᠭᠡ ᠶᠢᠨ ᠡᠬᠢ ᠪᠠᠶᠠᠯᠢᠭ ᠤᠨ ᠲᠠᠯ᠎ᠠ ᠪᠠᠷ ᠪᠤᠯᠤᠨ᠎ᠠ᠃ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠵᠦ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠮᠲᠤᠪᠠᠷ ᠠᠬᠢᠭᠤᠯᠤᠨ᠎ᠠ ᠭᠡᠪᠡ᠃    ᠬᠤᠶᠠᠷ ᠲᠠᠯ᠎ᠠ ᠪᠠᠷ ᠢᠶᠠᠨ ᠪᠠᠰᠠ ᠪᠣᠳᠠᠲᠠᠢ ᠬᠠᠪᠰᠤᠷᠤᠨ ᠲᠡᠳᠬᠦᠬᠦ ᠲᠤᠬᠠᠢ ᠭᠦᠨᠵᠡᠭᠡᠢ ᠶᠠᠷᠢᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号