ᠠᠤᠬᠠᠨ ᠬᠤᠰᠢᠭᠤ 2024 ᠣᠨ ᠤ ᠬᠤᠶᠠᠳᠤᠭᠠᠷ ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/9/18
     ᠣᠶᠢᠷ᠎ᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠠᠴᠠ ᠳᠠᠭᠠᠭᠠᠨ ᠡᠷᠭᠢᠯᠡᠭᠰᠡᠨ ︽ᠠᠤᠬᠠᠨ ᠬᠤᠰᠢᠭᠤᠨ ᠤ 2024 ᠣᠨ ᠤ ᠬᠤᠶᠠᠳᠤᠭᠠᠷ ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠪᠣᠯᠪᠠᠰᠤᠷᠠᠯ ᠤᠨ ᠠᠩᠭᠢ︾ ᠨᠢ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠬᠤᠷᠠᠯ ᠤᠨ ᠬᠡᠷ ᠲᠤ ᠤᠷᠤᠭᠰᠢᠲᠠᠶ ᠶᠠᠪᠤᠭᠳᠠᠪᠠ᠃    ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠨᠢ ᠲᠡᠭᠦᠨ ᠤ ᠮᠡᠷᠭᠡᠵᠢᠯ ᠤᠨ ᠡᠮᠴᠢᠯᠡᠭᠡᠨ ᠤ ᠠᠴᠢ ᠲᠤᠰᠠ ᠪᠠᠷ ᠰᠠᠶᠢᠨ᠂ ᠡᠪᠡᠳᠴᠢᠨ ᠤ ᠲᠥᠷᠥᠯ ᠨᠢ ᠣᠯᠠᠨ᠂ ᠠᠮᠤᠷ ᠲᠦᠪᠰᠢᠨ ᠤ ᠢᠯᠡᠳᠬᠡᠮᠵᠢ ᠨᠢ ᠥᠨᠳᠥᠷ᠂ ᠡᠮᠴᠢᠯᠡᠭᠡᠨ ᠤ ᠠᠴᠢ ᠲᠤᠰᠠ ᠨᠢ ᠲᠣᠳᠣᠷᠬᠠᠶ᠂ ᠠᠵᠢᠯᠯᠠᠭ᠎ᠠ ᠨᠢ ᠲᠥᠬᠦᠮ᠂ ᠰᠤᠷᠤᠯᠴᠠᠬᠤ ᠳᠤ ᠬᠢᠯᠪᠠᠷ᠂ ᠰᠤᠷᠬᠤ ᠳᠤ ᠠᠮᠠᠷᠬᠠᠨ ᠵᠡᠷᠭᠡ ᠣᠨᠴᠠᠯᠢᠭ ᠢᠶᠠᠷ ᠮᠠᠨ ᠤ ᠬᠤᠰᠢᠭᠤᠨ ᠤ ᠦᠨᠳᠦᠰᠦᠨ ᠱᠠᠲᠤᠨ ᠤ ᠣᠯᠠᠨ ᠲᠦᠮᠡᠨ ᠤ ᠢᠲᠡᠭᠡᠯ ᠢ ᠣᠯᠤᠭᠰᠠᠨ ᠪᠠᠶᠢᠨ᠎ᠠ᠃ ᠬᠤᠶᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢᠨ ᠪᠣᠯᠪᠠᠰᠤᠷᠠᠯ ᠤᠨ ᠡᠲᠡᠭᠡᠳ ᠲᠤ ᠪᠠᠰᠠ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ 120 ᠡᠮᠨᠡᠯᠭᠡ ᠶᠢᠨ ᠠᠵᠢᠯᠲᠠᠨ ᠪᠠᠭᠲᠠᠨ᠎ᠠ᠂ ᠲᠣᠰ ᠤᠳᠠᠭᠠᠨ ᠤ ᠪᠣᠯᠪᠠᠰᠤᠷᠠᠯ ᠨᠢ ᠣᠯᠠᠨ ᠳᠤ ᠮᠠᠰᠢ ᠶᠡᠭᠡ ᠠᠰᠢᠭ ᠬᠦᠷᠲᠡᠭᠡᠵᠡᠢ᠃    ᠲᠣᠰ ᠤᠳᠠᠭᠠᠨ ᠤ ᠪᠣᠯᠪᠠᠰᠤᠷᠠᠯ ᠨᠢ ᠪᠡᠭᠡᠵᠢᠩ ᠤᠨ ᠬᠠᠶᠢᠳᠢᠶᠠᠨ ᠲᠣᠭᠤᠷᠢᠭ ᠤᠨ ᠬᠢᠨ ᠮᠠᠨ ᠤ ᠬᠤᠰᠢᠭᠤ ᠶᠢ ᠳᠡᠮᠵᠢᠬᠦ ᠬᠤᠶᠠᠷ ᠲᠤᠰᠬᠠᠶ ᠮᠡᠷᠭᠡᠵᠢᠯᠲᠡᠨ ᠵᠢᠴᠢ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠥᠬᠦᠶ ᠬᠥᠮᠦᠰ ᠢ ᠤᠷᠢᠵᠤ ᠬᠢᠴᠢᠶᠡᠯ ᠣᠷᠣᠭᠤᠯᠪᠠ᠂ ᠲᠡᠳᠡᠨ ᠤ ᠬᠢᠴᠢᠶᠡᠯᠯᠡᠬᠦ ᠠᠭᠤᠯᠭ᠎ᠠ ᠨᠢ ᠪᠠᠰᠠ ᠨᠠᠷᠢᠨ ᠨᠢᠮᠪᠠᠶ ᠪᠡᠯᠡᠳᠬᠡᠯ ᠬᠢᠵᠦ᠂ ᠬᠡᠤᠬᠡᠳ ᠤᠨ ᠰᠠᠯᠠᠭ᠎ᠠ᠂ ᠵᠡᠭᠦᠦ ᠲᠥᠭᠡᠨᠡᠯᠭᠡ᠂ ᠨᠠᠰᠤᠲᠠᠶᠢᠴᠤᠳ ᠤᠨ ᠬᠢᠲᠠᠳ ᠡᠮᠨᠡᠯᠭᠡ ᠶᠢᠨ ᠡᠷᠡᠭᠦᠯ ᠮᠡᠨᠳᠦ᠂ ᠪᠢᠳᠡᠬᠦᠦ ᠨᠢᠷᠤᠭᠤᠨ ᠤ ᠭᠡᠮᠲᠦᠯ ᠵᠡᠷᠭᠡ ᠬᠡᠳᠦᠨ ᠲᠠᠯ᠎ᠠ ᠶᠢ ᠪᠠᠭᠲᠠᠭᠠᠭᠰᠠᠨ ᠪᠠᠶᠢᠨ᠎ᠠ᠃    ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠭᠰᠡᠨ ᠨᠢ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠦᠢᠯᠡᠴᠢᠯᠡᠭᠡᠨ ᠤ ᠴᠢᠳᠠᠪᠤᠷᠢ ᠪᠣᠯᠤᠨ ᠦᠢᠯᠡᠴᠢᠯᠡᠭᠡᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠲᠥᠯᠥᠭᠡ ᠶᠤᠮ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠠᠰᠠ ᠤᠯᠠᠮᠵᠢᠯᠠᠯᠲᠤ ᠬᠢᠲᠠᠳ ᠡᠮᠨᠡᠯᠭᠡ ᠶᠢᠨ ᠣᠨᠴᠠᠯᠢᠭᠲᠤ ᠵᠠᠰᠠᠯᠭ᠎ᠠ ᠪᠠ ᠮᠡᠷᠭᠡᠵᠢᠯ ᠢ ᠦᠷᠭᠦᠯᠵᠢᠯᠡᠨ ᠭᠦᠨᠵᠡᠭᠡᠶ ᠳᠡᠯᠭᠡᠷᠡᠭᠦᠯᠦᠨ ᠬᠡᠷᠡᠭᠯᠡᠵᠦ᠂ ᠨᠠᠩ ᠦᠷᠭᠡᠨ ᠣᠯᠠᠨ ᠲᠦᠮᠡᠨ ᠳᠤ ᠠᠮᠤᠷ ᠲᠦᠪᠰᠢᠨ ᠪᠦᠲᠦᠮᠵᠢᠲᠡᠶ᠂ ᠥᠪᠡᠷ ᠤᠨ ᠥᠷᠲᠡᠭ ᠨᠢ ᠳᠣᠤᠷ᠎ᠠ ᠬᠢᠲᠠᠳ ᠡᠮᠨᠡᠯᠭᠡ ᠶᠢᠨ ᠣᠨᠴᠠᠯᠢᠭᠲᠤ ᠠᠷᠭ᠎ᠠ ᠶᠢ ᠬᠦᠷᠲᠡᠭᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号