ᠡᠯᠧᠺᠲᠷᠣᠨ ᠪᠠᠷᠢᠮᠲᠠ ᠶᠢ ᠳᠠᠬᠢᠨ ᠳᠠᠪᠲᠠᠨ ᠳᠠᠩᠰᠠ ᠲᠠᠶᠢᠯᠬᠤ ᠦᠵᠡᠭᠳᠡᠯ ᠤᠨ ᠡᠵᠡᠮᠰᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/9/18
    2023 ᠣᠨ ᠤ 7 ᠰᠠᠷ᠎ᠠ ᠶᠢᠨ 20 ᠤ ᠡᠳᠦᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠷᠢᠮᠲᠠ ᠳᠤ ᠴᠠᠭᠠᠰᠤᠨ ᠪᠠᠷᠢᠮᠲᠠ ᠪᠠ ᠡᠯᠧᠺᠲᠷᠣᠨ ᠪᠠᠷᠢᠮᠲᠠ ᠪᠠᠭᠲᠠᠨ᠎ᠠ᠃ ᠡᠯᠧᠺᠲᠷᠣᠨ ᠪᠠᠷᠢᠮᠲᠠ ᠨᠢ ᠴᠠᠭᠠᠰᠤᠨ ᠪᠠᠷᠢᠮᠲᠠ ᠲᠠᠢ ᠠᠳᠠᠯᠢ ᠬᠠᠤᠯᠢ ᠶᠢᠨ ᠬᠦᠴᠦᠨ ᠲᠠᠢ᠃ ᠤᠯᠤᠰ ᠠᠴᠠ ᠡᠯᠧᠺᠲᠷᠣᠨ ᠪᠠᠷᠢᠮᠲᠠ ᠬᠡᠷᠡᠭᠯᠡᠬᠦ ᠶᠢ ᠢᠳᠡᠪᠬᠢᠲᠡᠢ  ᠳᠡᠯᠭᠡᠷᠡᠭᠦᠯᠦᠨ᠎ᠡ᠃ ᠡᠯᠧᠺᠲᠷᠣᠨ ᠪᠠᠷᠢᠮᠲᠠ ᠶᠢ ᠠᠯᠤᠰ ᠠᠴᠠ  ᠡᠵᠡᠮᠳᠡᠨ ᠠᠪᠴᠤ ᠪᠣᠯᠬᠤ ᠪᠥᠭᠡᠳ ᠳᠠᠬᠢᠨ ᠳᠠᠪᠲᠠᠨ ᠪᠢᠯᠧᠲ ᠭᠠᠷᠭᠠᠬᠤ ᠴᠢᠬᠤᠯᠠ ᠦᠭᠡᠢ ᠪᠠᠶᠢᠵᠤ᠂ ᠪᠠᠷᠢᠮᠲᠠ ᠶᠢᠨ ᠲᠣᠰ ᠪᠡᠶ᠎ᠡ ᠶᠢᠨ ᠥᠪᠡᠷ ᠤᠨ ᠥᠷᠲᠡᠭ ᠢ ᠶᠡᠭᠡ ᠪᠠᠷ ᠠᠷᠪᠢᠯᠠᠵᠤ᠂ ᠪᠠᠰᠠ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠪᠣᠯᠬᠤᠷ ᠡᠯᠧᠺᠲᠷᠣᠨ ᠪᠠᠷᠢᠮᠲᠠ ᠶᠢ ᠳᠡᠯᠭᠡᠷᠡᠭᠦᠯᠬᠦ ᠨᠢ ᠲᠦᠷᠭᠡᠨ᠂ ᠲᠦᠭᠡᠮᠡᠯᠵᠢᠭᠦᠯᠦᠭᠰᠡᠨ ᠨᠣᠷᠮ᠎ᠠ ᠨᠢ ᠥᠨᠳᠥᠷ ᠪᠠᠶᠢᠳᠠᠭ᠃ ᠳᠠᠩᠰᠠ ᠲᠠᠶᠢᠯᠬᠤ ᠳᠤ ᠠᠪᠴᠤ ᠬᠡᠯᠡᠪᠡᠯ᠂ ᠡᠯᠧᠺᠲᠷᠣᠨ ᠪᠠᠷᠢᠮᠲᠠ ᠳᠠᠷᠤᠮᠠᠯᠯᠠᠬᠤ ᠪᠠᠷ ᠳᠠᠮᠵᠢᠨ ᠰᠢᠭᠤᠳ ᠳᠠᠩᠰᠠ ᠲᠠᠶᠢᠯᠵᠤ ᠪᠣᠯᠤᠨ᠎ᠠ᠃ ᠡᠯᠧᠺᠲᠷᠣᠨ ᠪᠠᠷᠢᠮᠲᠠ ᠨᠢ ᠫᠢᠶᠣᠣ ᠪᠠᠷᠢᠮᠲᠠ ᠶᠢᠨ ᠲᠤᠰᠬᠠᠢ ᠲᠠᠮᠠᠭ᠎ᠠ ᠪᠤᠶᠤ ᠡᠳ᠋ ᠤᠨ ᠶᠠᠪᠤᠳᠠᠯ ᠤᠨ ᠲᠠᠮᠠᠭ᠎ᠠ ᠳᠠᠷᠤᠬᠤ ᠴᠢᠬᠤᠯᠠ ᠦᠭᠡᠢ ᠪᠣᠯ ᠬᠠᠤᠯᠢ ᠶᠣᠰᠣᠨ ᠤ ᠫᠢᠶᠣᠣ ᠪᠠᠷᠢᠮᠲᠠ ᠪᠣᠯᠭᠠᠵᠤ ᠳᠠᠩᠰᠠ ᠲᠠᠶᠢᠯᠵᠤ ᠪᠣᠯᠤᠨ᠎ᠠ᠃    ᠨᠢᠭᠡ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ   ᠡᠯᠧᠺᠲᠷᠣᠨ ᠪᠠᠷᠢᠮᠲᠠ ᠶᠢᠨ ᠲᠠᠩᠰᠠ ᠲᠠᠶᠢᠯᠬᠤ ᠦᠶ᠎ᠡ ᠳᠤ ᠬᠠᠭᠤᠯᠪᠤᠷᠢ ᠶᠢ ᠬᠡᠷᠡᠭᠯᠡᠵᠦ᠂ ᠡᠨᠡ ᠨᠢ ᠳᠠᠬᠢᠨ ᠳᠠᠪᠲᠠᠨ ᠲᠠᠩᠰᠠ ᠳᠡᠶᠢᠯᠬᠦ ᠳᠤ ᠲᠥᠬᠦᠮ ᠦᠵᠡᠭᠦᠯᠵᠦ᠂ 2024 ᠣᠨ ᠳᠤ ᠲᠥᠰᠦᠪ ᠢ ᠭᠦᠢᠴᠡᠳᠬᠡᠬᠦ ᠳᠤ ᠬᠢᠨᠠᠨ ᠪᠤᠳᠤᠬᠤ ᠶᠠᠪᠤᠴᠠ ᠳᠤ᠂ ᠡᠯᠧᠺᠲᠷᠣᠨ ᠪᠠᠷᠢᠮᠲᠠ ᠶᠢ ᠬᠤᠶᠠᠳᠠᠬᠢ ᠤᠳᠠᠭ᠎ᠠ ᠳᠠᠷᠤᠮᠠᠯᠯᠠᠵᠤ ᠳᠠᠬᠢᠨ ᠲᠠᠩᠰᠠᠨ ᠠᠴᠠ ᠲᠠᠶᠢᠯᠬᠤ ᠨᠢ ᠰᠢᠨ᠎ᠡ ᠬᠢᠨᠠᠨ ᠪᠤᠳᠤᠬᠤ ᠠᠰᠠᠭᠤᠳᠠᠯ ᠪᠣᠯᠤᠭᠰᠠᠨ ᠪᠠᠶᠢᠨ᠎ᠠ᠃ ᠡᠯ᠎ᠡ ᠨᠢᠭᠡᠴᠡ ᠠᠳᠠᠯᠢ ᠪᠤᠰᠤ ᠬᠡᠮᠵᠢᠶ᠎ᠡ ᠪᠠᠷ ᠪᠠᠷᠢᠮᠲᠠ ᠪᠠᠨ ᠳᠠᠬᠢᠨ ᠳᠠᠪᠲᠠᠨ ᠳᠠᠩᠰᠠ ᠠᠴᠠ ᠲᠠᠶᠢᠯᠬᠤ ᠠᠰᠠᠭᠤᠳᠠᠯ ᠣᠷᠣᠰᠢᠵᠤ ᠪᠠᠶᠢᠬᠤ ᠶᠢ ᠣᠯᠵᠤ  ᠮᠡᠳᠡᠪᠡ᠃    ᠬᠤᠶᠠᠷ᠂ ᠠᠰᠠᠭᠤᠳᠠᠯ ᠭᠠᠷᠤᠭᠰᠠᠨ ᠤ ᠰᠢᠯᠲᠠᠭᠠᠨ    ︵ᠨᠢᠭᠡ︶ ᠲᠤᠬᠠᠶᠢᠯᠠᠭᠰᠠᠨ ᠠᠵᠢᠯ ᠢ ᠭᠦᠢᠴᠡᠳᠭᠡᠭᠴᠢ ᠥᠪᠡᠷ ᠤᠨ ᠳᠠᠩᠰᠠᠯᠠᠭᠤᠯᠤᠭᠰᠠᠨ ᠪᠠᠷᠢᠮᠲᠠ ᠶᠢᠨ ᠨᠣᠮᠧᠷ ᠵᠡᠷᠭᠡ ᠮᠡᠳᠡᠭᠡ ᠵᠠᠩᠭᠢ ᠪᠠᠨ ᠫᠢᠶᠣᠣ ᠪᠠᠷᠢᠮᠲᠠ ᠶᠢᠨ ᠠᠩᠬᠠᠷᠤᠯ ᠤᠨ ᠬᠡᠮᠵᠢᠶ᠎ᠡ ᠬᠦᠷᠦᠯᠴᠡᠬᠦ ᠥᠬᠡᠶ᠂ ᠨᠢᠭᠡ ᠯᠡ ᠤᠳᠠᠭ᠎ᠠ ᠳᠤ ᠲᠠᠩᠰᠠ ᠲᠠᠶᠢᠯᠬᠤ ᠣᠯᠠᠨ ᠪᠠᠷᠢᠮᠲᠠ ᠶᠢ ᠲᠠᠩᠰᠠ ᠲᠠᠶᠢᠯᠬᠤ ᠦᠶ᠎ᠡ ᠳᠤ ᠳᠠᠬᠢᠨ ᠳᠠᠪᠲᠠᠨ ᠳᠠᠷᠤᠮᠠᠯᠯᠠᠨ᠎ᠠ᠃    ︵ᠬᠤᠶᠠᠷ︶ ᠡᠳ᠋ ᠤᠨ ᠶᠠᠪᠤᠳᠠᠯ ᠤᠨ ᠠᠵᠢᠯᠲᠠᠨ ᠤ ᠬᠢᠨᠠᠨ ᠬᠠᠷᠭᠤᠭᠤᠯᠤᠯᠲᠠ ᠴᠢᠩᠭ᠎ᠠ ᠪᠤᠰᠤ ᠠᠴᠠ ᠪᠣᠯᠵᠤ ᠬᠡᠰᠡᠭ ᠲᠤᠬᠠᠶᠢᠯᠠᠭᠰᠠᠨ ᠠᠵᠢᠯ ᠢ ᠭᠦᠢᠴᠡᠳᠭᠡᠭᠴᠢ ᠵᠠᠪᠰᠢᠨ ᠰᠠᠷᠢᠭᠠᠯᠠᠭᠰᠠᠨ ᠠᠵᠢᠯᠯᠠᠭ᠎ᠠ ᠣᠷᠣᠰᠢᠵᠤ ᠪᠠᠶᠢᠨ᠎ᠠ᠃    ︵ᠭᠤᠷᠪᠠ︶  ᠲᠣᠬᠠᠶᠢᠯᠠᠭᠰᠠᠨ ᠠᠵᠢᠯ ᠭᠦᠢᠴᠡᠳᠬᠡᠭᠴᠢ  ᠤᠤᠯ ᠤᠨ  ᠪᠠᠷᠢᠮᠲᠠ ᠠᠴᠠ ᠲᠠᠶᠢᠯᠬᠤ ᠶᠠᠪᠤᠴᠠ ᠳᠤ  ᠪᠡᠶᠡᠴᠢ ᠵᠣᠷᠢᠭᠤᠳᠠ ᠳᠠᠬᠢᠨ ᠳᠠᠪᠲᠠᠨ ᠲᠠᠶᠢᠯᠬᠤ ᠦᠢᠯᠡ ᠠᠵᠢᠯᠯᠠᠭ᠎ᠠ ᠪᠠᠶᠢᠬᠤ ᠣᠷᠤᠰᠢᠵᠤ ᠪᠠᠶᠢᠨ᠎ᠠ᠃    ᠭᠤᠷᠪᠠ᠂ ᠬᠢᠨᠠᠨ ᠪᠣᠳᠣᠬᠤ ᠰᠠᠨᠠᠭᠤᠯᠭ᠎ᠠ    ︵ᠨᠢᠭᠡ︶ ᠡᠯ᠎ᠡ ᠨᠢᠭᠡᠴᠡ ᠨᠦᠭᠦᠳ ᠲᠤᠰᠬᠠᠶ ᠬᠥᠮᠦᠨ ᠲᠣᠮᠢᠯᠠᠵᠤ ᠡᠯᠧᠺᠲᠷᠣᠨ ᠪᠠᠷᠢᠮᠲᠠ ᠶᠢᠨ ᠡᠬᠡ ᠲᠠᠩᠰᠠ ᠶᠢ ᠪᠠᠶᠢᠭᠤᠯᠵᠤ᠂ ᠬᠦᠨᠳᠦ ᠪᠠᠶᠢᠴᠠᠭᠠᠨ ᠲᠠᠩᠰᠠ ᠲᠠᠶᠢᠯᠬᠤ ᠲᠦᠷᠢᠮ ᠢ ᠪᠠᠶᠢᠭᠤᠯᠤᠨ᠂ ᠡᠳ᠋ ᠤᠨ ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔    ︵ᠬᠤᠶᠠᠷ︶ ᠪᠠᠷᠢᠮᠲᠠ ᠪᠠᠷ ᠳᠠᠬᠢᠨ ᠳᠠᠪᠲᠠᠨ ᠳᠠᠩᠰᠠ ᠲᠠᠶᠢᠯᠠᠭᠰᠠᠨ ᠪᠡᠯᠡ ᠮᠥᠩᠭᠦ ᠶᠢ ᠬᠤᠷᠢᠶᠠᠨ  ᠠᠪᠬᠤ ᠬᠡᠷᠡᠭᠲᠡᠢ᠃    ︵ᠭᠤᠷᠪᠠ︶ ᠡᠳ᠋ ᠤᠨ ᠵᠠᠰᠠᠭ ᠠᠵᠤ ᠠᠬᠤᠶ ᠶᠢᠨ ᠬᠠᠤᠯᠢ ᠲᠣᠭᠲᠠᠭᠠᠯ ᠤᠨ ᠤᠬᠠᠭᠤᠯᠭ᠎ᠠ ᠵᠢᠴᠢ ᠰᠢᠳᠬᠡᠯ ᠲᠣᠷᠭᠠᠭᠤᠯᠢ ᠶᠢ ᠴᠢᠩᠭᠠᠳᠬᠠᠤᠵᠤ᠂ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠬᠤᠪᠢ ᠬᠥᠮᠦᠨ ᠢ ᠰᠢᠳᠬᠡᠨ ᠲᠣᠷᠭᠠᠬᠤ ᠡᠷᠴᠢᠮ ᠢ  ᠴᠢᠩᠭᠠᠷᠠᠭᠤᠯᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号