ᠰᠧ ᠵᠢᠶᠠ ᠽᠢ ᠪᠠᠯᠭᠠᠰᠤ᠄ ᠨᠠᠮ ᠤᠨ ᠪᠠᠶᠢᠭᠤᠯᠤᠯᠲᠠ ᠪᠠᠷ ︽ᠭᠤᠷᠪᠠᠨ ᠵᠠᠰᠠᠯᠲᠠ ᠶᠢ  ᠠᠭᠤᠰᠤᠯᠴᠠᠭᠤᠯᠵᠤ︾ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/9/19
         ᠥᠪᠡᠷᠲᠡᠭᠡᠨ ᠵᠠᠰᠠᠬᠤ ᠪᠠᠷ ᠬᠦᠴᠦᠨ ᠢᠶᠠᠨ ᠲᠥᠪᠯᠡᠷᠡᠭᠦᠯᠵᠦ᠂ ᠵᠠᠰᠠᠯᠲᠠ ᠶᠢᠨ ︽ᠬᠠᠮᠲᠤ ᠶᠢᠨ ᠴᠣᠭᠴᠠ︾ ᠶᠢ ᠪᠠᠶᠢᠭᠤᠯᠵᠤ᠂ ᠺᠠᠳ᠋ᠷ ᠣᠯᠠᠨ ᠲᠦᠮᠡᠨ ᠤ ᠬᠠᠮᠲᠤ ᠪᠠᠷ ᠵᠠᠰᠠᠬᠤ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠨ᠎ᠠ᠃ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠶᠢ ᠢᠳᠡᠪᠬᠢᠲᠡᠢ ᠠᠬᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠤᠯᠠᠨ ᠲᠦᠮᠡᠨ ᠤ ᠭᠤᠣᠯ ᠴᠣᠭᠴᠠ︾ ᠶᠢᠨ ᠠᠵᠢᠯ ᠤᠨ ᠰᠡᠳᠬᠢᠴᠡ ᠶᠣᠰᠣᠭᠠᠷ᠂ ︽ᠲᠠᠪᠤᠨ ᠬᠤᠷᠠᠯ︾ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠢ ᠤᠶᠠᠯᠳᠤᠭᠤᠯᠤᠨ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠵᠦᠢ ᠵᠣᠬᠢᠰᠲᠠᠢ ᠴᠢᠨᠠᠷ᠂ ᠬᠡᠷᠡᠭᠯᠡᠭᠡᠨ ᠤ ᠴᠢᠨᠠᠷ ᠢ ᠪᠠᠲᠤᠯᠠᠨ᠎ᠠ᠃ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ᠂ ᠨᠠᠮ ᠤᠨ ᠶᠠᠪᠤᠳᠠᠯ ᠲᠣᠰᠬᠤᠨ ᠤ ᠶᠠᠪᠤᠳᠠᠯ ᠢ ᠢᠯᠡ ᠪᠣᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ᠂ ᠴᠠᠭ ᠲᠤᠬᠠᠶ ᠳᠤᠨᠢ ᠢᠯᠡ ᠪᠣᠯᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠭᠤᠯᠭ᠎ᠠ ᠶᠢ ᠪᠦᠬᠦᠨ ᠢ ︽ᠢᠯᠡ ᠪᠣᠯᠭᠠᠬᠤ︾ ᠶᠢ ᠪᠡᠶᠡᠯᠡᠭᠦᠯᠵᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠶᠢ  ᠪᠠᠲᠤᠯᠠᠨ᠎ᠠ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ᠂ ᠣᠯᠠᠨ ᠲᠦᠮᠡᠨ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ︽ᠰᠠᠶᠢᠨ ᠠᠷᠭ᠎ᠠ ︾ ᠶᠢ ᠴᠤᠭᠯᠠᠭᠤᠯᠵᠤ᠂ ᠣᠯᠠᠨ ᠲᠦᠮᠡᠨ ᠤ ᠣᠷᠣᠯᠴᠠᠬᠤ ᠡᠷᠬᠡ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠦᠨᠳᠦᠰᠦᠨ ᠱᠠᠲᠤᠨ  ᠤ ᠥᠪᠡᠷᠲᠡᠭᠡᠨ ᠵᠠᠰᠠᠬᠤ ᠳᠤᠮᠳᠠ ᠭᠤᠤᠯ ᠳᠦᠷᠢ  ᠶᠢ ᠲᠣᠭᠯᠠᠭᠤᠯᠤᠨ᠎ᠠ ᠃    ᠬᠠᠤᠯᠢ ᠪᠠᠷ ᠵᠠᠰᠠᠬᠤ ᠪᠠᠷ ᠠᠶᠠᠯᠠᠬᠤ ᠶᠢ ᠬᠠᠮᠠᠭᠠᠯᠠᠵᠤ᠂ ︽ᠠᠮᠤᠷ ᠲᠦᠪᠰᠢᠨ ᠤ  ᠲᠣᠣᠷᠵᠢᠯ︾ ᠢ ᠨᠢᠭᠲᠠ ᠪᠠᠶᠢᠭᠤᠯᠵᠤ᠂ ᠬᠥᠳᠡᠭᠡ ᠲᠣᠰᠬᠤᠨ ᠤ ᠡᠶ᠎ᠡ ᠵᠣᠬᠢᠴᠠᠩᠭᠤᠢ ︽ᠠᠮᠤᠷ ᠲᠦᠪᠰᠢᠨ ᠤ ᠠᠶᠠᠰ︾ ᠢ  ᠴᠤᠤᠷᠢᠶᠠᠳᠤᠭᠤᠯᠤᠨ᠎ᠠ᠃ ᠬᠠᠤᠯᠢ ᠪᠠᠷ ᠵᠠᠰᠠᠬᠤ ᠬᠥᠳᠡᠭᠡ ᠲᠣᠰᠬᠤᠨ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠨᠢᠭᠡ ᠳᠤ ︽ᠬᠠᠤᠯᠢ ᠪᠠᠷ ᠵᠠᠰᠠᠬᠤ ᠳᠠᠭᠠᠭᠤᠯᠤᠭᠴᠢ︾᠂ ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾᠂ ᠠᠷᠠᠳ ᠤᠨ ᠡᠶᠡᠳᠡᠭᠦᠯᠦᠭᠴᠢ ᠶᠢ ᠬᠥᠮᠦᠵᠢᠭᠦᠯᠵᠦ᠂ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ  ᠳᠠᠶᠢᠴᠢᠯᠠᠨ᠎ᠠ︔ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠠᠮᠤᠷ ᠲᠦᠪᠰᠢᠨ ᠤ ᠠᠯᠪᠠᠨ ᠭᠡᠷ ᠵᠡᠷᠭᠡ ᠬᠦᠴᠦᠨ ᠢ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠤᠨ ᠬᠠᠤᠯᠢ ᠶᠢ ᠰᠤᠷᠴᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠠᠵᠢᠯᠯᠠᠭ᠎ᠠ ᠶᠢ 20 ᠤᠳᠠᠭ᠎ᠠ ᠥᠷᠭᠡᠨ ᠢᠶᠠᠷ ᠥᠷᠨᠢᠭᠦᠯᠪᠡ︔ ᠬᠤᠶᠠᠷ ᠲᠤ᠂ ᠰᠦᠯᠵᠢᠶᠡᠨ ᠤ ᠠᠵᠢᠯᠲᠠᠨ᠂ ᠲᠣᠰᠬᠤᠨ ᠤ ᠤᠳᠤᠷᠢᠳᠤᠯᠭ᠎ᠠ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠠᠵᠢᠯᠲᠠᠨ ᠵᠡᠷᠭᠡ ᠭᠤᠷᠪᠠᠨ ᠵᠦᠢᠯ ᠤᠨ ᠵᠥᠷᠢᠴᠡᠯ ᠢ ᠠᠷᠢᠯᠭᠠᠬᠤ ᠬᠦᠴᠦᠨ ᠤ ᠬᠠᠮᠲᠤᠷᠠᠯᠴᠠᠭ᠎ᠠ ᠬᠢᠬᠦ ᠶᠢ ᠪᠠᠷᠢᠮᠲᠠᠯᠠᠵᠤ᠂ ︽ᠭᠡᠷ ᠲᠤ ᠣᠷᠣᠵᠤ ᠦᠵᠡᠬᠦ᠂ ᠪᠠᠶᠢᠳᠠᠯ ᠢ ᠰᠣᠨᠣᠰᠬᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠵᠥᠷᠢᠴᠡᠯ ᠢ ᠡᠶᠡᠳᠡᠭᠦᠯᠬᠦ ︾ ᠠᠷᠭ᠎ᠠ ᠬᠡᠮᠵᠢᠶ᠎ᠡ ᠶᠢᠨ ᠳᠡᠰ ᠳᠡᠪᠰᠢᠬᠦ ᠶᠢ ᠠᠬᠢᠭᠤᠯᠪᠠ᠃ ᠭᠤᠷᠪᠠ ᠳᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠲᠤ ᠪᠠᠬᠢ ᠵᠢᠭᠰᠠᠭᠠᠯ ᠤᠨ ᠭᠠᠵᠠᠷ ᠢ ᠨᠠᠷᠢᠨ ᠨᠢᠮᠪᠠᠶ ᠪᠠᠶᠢᠭᠤᠯᠵᠤ᠂ ᠲᠣᠰᠬᠤᠨ ᠤ ᠭᠤᠤᠯ ᠵᠠᠮ᠂ ᠰᠣᠶᠣᠯ ᠤᠨ ᠠᠭᠤᠳᠠᠮ ᠲᠠᠯᠠᠪᠠᠶ ᠵᠡᠷᠭᠡ ᠭᠠᠵᠠᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠬᠡᠷᠡᠮ᠂ ᠬᠠᠤᠯᠢ ᠪᠠᠷ ᠵᠠᠰᠠᠬᠤ ᠤᠷᠢᠶ᠎ᠠ ᠭᠠᠷᠭᠠᠵᠤ᠂ ᠣᠯᠠᠨ ᠲᠦᠮᠡᠨ ᠢ  ᠰᠤᠯᠠ ᠰᠡᠯᠡᠭᠦᠦ ᠴᠠᠭ ᠢᠶᠠᠷ ᠢᠶᠠᠨ ᠬᠠᠤᠯᠢ ᠪᠠᠷ ᠵᠠᠰᠠᠬᠤ ᠰᠣᠶᠣᠯ ᠤᠨ ᠨᠥᠯᠥᠭᠡᠯᠡᠯ ᠢ  ᠬᠦᠷᠲᠡᠭᠡᠨ᠎ᠡ᠃    ᠶᠣᠰᠣ ᠰᠤᠷᠲᠠᠬᠤᠨ ᠢᠶᠠᠷ ᠰᠦᠭ ᠰᠦᠨᠡᠰᠦ ᠶᠢ ᠨᠢᠭᠲᠠᠷᠠᠭᠤᠯᠵᠤ᠂ ︽ᠦᠵᠡᠯ ᠰᠠᠨᠠᠭᠠᠨ ᠤ ᠶᠠᠰᠤ︾ ᠶᠢ ᠬᠦᠴᠦᠷᠬᠡᠭᠵᠢᠭᠦᠯᠦᠨ ᠵᠠᠰᠠᠵᠤ᠂ ᠶᠣᠰᠣ ᠰᠤᠷᠲᠠᠬᠤᠨ ᠢ ᠡᠷᠬᠢᠮᠯᠡᠨ ᠰᠠᠶᠢᠨ ᠰᠠᠶᠢᠬᠠᠨ ᠢ ᠬᠥᠭᠡᠭᠡᠴᠡᠯᠳᠦᠬᠦ ︽ᠵᠣᠯ ᠵᠢᠷᠭᠠᠯ ᠤᠨ ᠬᠦᠷᠢᠶ᠎ᠡ︾ ᠶᠢ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠲᠦᠰᠢᠭᠯᠡᠨ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠣᠰᠬᠤᠨ ︽ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠡᠷᠦᠬᠡ ︾ 80 ᠭᠠᠷᠤᠶ ᠡᠷᠦᠬᠡ᠂ ᠬᠠᠮᠤᠭ ᠤᠨ ᠭᠤᠶᠣ ᠬᠡᠷ ᠪᠦᠯᠢ 10 ᠭᠠᠷᠤᠶ ᠡᠷᠦᠬᠡ ᠶᠢ ᠰᠢᠯᠭᠠᠷᠠᠭᠤᠯᠤᠨ ᠬᠥᠬᠢᠭᠦᠯᠪᠡ︔ ᠭᠠᠵᠢᠭᠤ ᠨᠣᠮᠯᠠᠯ ᠢ ᠰᠡᠷᠭᠡᠶᠢᠯᠡᠬᠦ᠂ ᠮᠡᠬᠡᠯᠡᠯ ᠢ ᠡᠰᠡᠷᠭᠦᠴᠡᠬᠦ ᠵᠡᠷᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 100 ᠭᠠᠷᠤᠶ ᠤᠳᠠᠭ᠎ᠠ ᠥᠷᠭᠡᠨ ᠢᠶᠠᠷ ᠥᠷᠨᠢᠭᠦᠯᠪᠡ᠃ ᠵᠠᠩ ᠳᠠᠳᠬᠠᠯ ᠢ ᠥᠭᠡᠷᠡᠴᠢᠯᠡᠬᠦ ᠠᠵᠢᠯ ᠢ ᠭᠦᠨᠵᠡᠭᠡᠶ ᠠᠬᠢᠭᠤᠯᠵᠤ᠂ ᠣᠯᠠᠨ ᠶᠠᠩᠵᠤ ᠶᠢᠨ ᠬᠡᠯᠪᠡᠷᠢ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ  ᠥᠭᠡᠳᠡᠯᠡᠭᠦᠯᠦᠨ᠎ᠡ︔ ︽ᠬᠤᠪᠢ ᠬᠤᠷᠠᠮᠳᠤᠭᠤᠯᠬᠤ ᠳᠦᠷᠢᠮ︾ ᠤᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠠᠵᠢᠯᠯᠠᠭ᠎ᠠ ᠪᠠᠷ ᠢᠶᠠᠨ ᠬᠤᠪᠢ ᠰᠣᠯᠢᠬᠤ ᠶᠢ ᠵᠣᠷᠢᠭᠵᠢᠭᠤᠯᠵᠤ᠂ ᠬᠤᠪᠢ ᠬᠤᠷᠠᠮᠳᠤᠭᠤᠯᠵᠤ ᠱᠠᠩᠨᠠᠨ ᠬᠥᠬᠢᠭᠦᠯᠵᠦ᠂ ᠰᠠᠶᠢᠨ ᠳᠠᠳᠬᠠᠯ ᠢ ᠪᠤᠢ ᠪᠣᠯᠭᠠᠵᠤ᠂ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢ ᠠᠷᠢᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号