ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ 9 ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ
ᠨᠡᠶᠢᠲᠡᠯᠡᠭᠰᠡᠨ ᠴᠠᠭ᠄
2024/9/20
    9 ᠰᠠᠷ᠎ᠠ ᠶᠢᠨ 19 ᠤ ᠡᠳᠦᠷ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ 9 ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠶᠤᠯᠭᠦᠶ  ᠦᠢᠯᠡᠳᠪᠦᠷᠢᠯᠡᠯ ᠤᠨ ᠴᠢᠬᠤᠯᠠ ᠪᠢᠴᠢᠭ ᠮᠠᠲ᠋ᠧᠷᠢᠶᠠᠯ ᠢ ᠳᠠᠮᠵᠢᠭᠤᠯᠵᠤ᠂ ︽ᠬᠤᠶᠠᠷ ᠠᠶᠠᠨᠴᠢᠳ ᠨᠢᠭᠡ ᠠᠶᠤᠯ ᠲᠦᠭᠰᠢᠭᠦᠷᠢ ᠨᠢᠭᠡ ᠪᠠᠷᠠᠭ᠎ᠠ︾ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠣᠳᠣᠬᠠᠨ ᠤ ᠪᠠ ᠤᠯᠤᠰ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠲᠣᠪᠴᠢᠶᠠᠨ ᠳᠡᠳ᠋ ᠳᠠᠷᠤᠭ᠎ᠠ ᠡᠤ ᠶᠦᠩ ᠼᠠᠢ ᠨᠥᠬᠦᠷ ᠣᠳᠣᠬᠠᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠃ ᠨᠢᠭᠡ ᠳᠤ᠂ ᠤᠯᠤᠰ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠮ ᠲᠡᠭᠡᠭᠡᠪᠦᠷᠢ᠂ ᠵᠠᠰᠠᠮᠠᠯ ᠵᠠᠮ ᠤᠨ ᠡᠵᠡᠩᠨᠡᠯᠲᠡ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ︔ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠬᠦ ᠬᠡᠷᠡᠭᠲᠡᠢ︔ ᠭᠤᠷᠪᠠ ᠳᠤ ᠂ ᠭᠠᠯ ᠤᠨᠲᠠᠷᠠᠭᠠᠬᠤ ᠠᠮᠤᠷ ᠲᠦᠪᠰᠢᠨ ᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠪᠡ᠃    ᠬᠤᠷᠠᠯ ᠠᠴᠠ᠂ ᠤᠯᠤᠰ ᠤᠨ ᠪᠠᠶᠠᠷ ᠤᠨ ᠡᠳᠦᠷ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ ᠤᠯᠠᠨ ᠲᠦᠮᠡᠨ ᠤ ᠭᠠᠳᠠᠭᠰᠢ ᠭᠠᠷᠬᠤ ᠬᠠᠨᠳᠤᠰᠢ ᠬᠥᠭᠵᠢᠶᠡᠨᠲᠡᠢ ᠪᠠᠶᠢᠵᠤ᠂ ᠬᠥᠮᠦᠨ ᠤ ᠤᠷᠤᠰᠬᠠᠯ᠂ ᠪᠠᠷᠠᠭᠠᠨ ᠤ ᠭᠦᠢᠯᠭᠡᠭᠡ ᠂ ᠮᠠᠰᠢᠨ ᠲᠡᠷᠭᠡ ᠲᠥᠪᠯᠡᠷᠡᠭᠰᠡᠨ ᠪᠣᠯᠬᠤᠷ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠪᠦᠬᠦ ᠠᠵᠢᠯ ᠲᠦᠷᠦᠯ ᠤᠨ ᠬᠢᠨ ᠤᠢᠢᠷ᠎ᠠ ᠶᠢᠨ ᠬᠤᠭᠤᠴᠠᠭ᠎ᠠ ᠵᠢᠴᠢ ᠤᠯᠤᠰ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ ᠰᠢᠭᠤᠳ ᠬᠠᠷᠢᠶ᠎ᠠ ᠨᠢᠭᠡᠴᠡ ᠶᠢᠨ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ᠂ ᠠᠮᠤᠷ ᠲᠦᠪᠰᠢᠨ ᠤ ᠠᠯᠪᠠᠨ ᠬᠡᠷ ᠤᠨ ᠡᠷᠬᠢᠯᠡᠭᠴᠢ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号