ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠠᠤᠬᠠᠨ ᠬᠤᠰᠢᠭᠤᠨ ᠳᠤ  ᠢᠷᠡᠵᠦ ᠨᠠᠰᠤᠨ ᠳᠤ ᠬᠦᠷᠦᠭᠰᠡᠳ ᠤᠨ ᠲᠠᠮᠠᠬᠢᠨ  ᠤ ᠲᠠᠷᠬᠠᠯᠲᠠ ᠶᠢᠨ ᠪᠠᠶᠢᠴᠠᠭᠠᠯᠲᠠ ᠶᠢᠨ  ᠲᠤᠬᠠᠶ ᠶᠢᠨ ᠲᠠᠯᠠᠪᠤᠷ ᠤᠨ ᠶᠠᠰᠤ ᠴᠢᠨᠠᠷ ᠢ ᠳᠠᠬᠢᠨ ᠬᠢᠨᠠᠵᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/20
    ᠨᠠᠰᠤᠨ ᠳᠤ ᠭᠦᠷᠦᠭᠰᠡᠳ ᠤᠨ ᠨᠠᠪᠴᠢᠨ ᠲᠠᠮᠠᠬᠢ ᠶᠢ ᠬᠢᠨᠠᠨ ᠬᠡᠮᠵᠢᠬᠦ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ  ᠭᠦᠢᠴᠡᠳ ᠣᠶᠢᠯᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠠᠮᠠᠬᠢ ᠲᠠᠲᠠᠬᠤ ᠶᠢ ᠬᠢᠵᠠᠭᠠᠷᠯᠠᠬᠤ ᠠᠯᠪᠠᠨ ᠬᠡᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠾᠦᠢ ᠵᠧᠤ ᠵᠡᠭᠡᠯᠢ ᠭᠤᠳᠤᠮᠵᠢ ᠶᠢᠨ ᠠᠯᠪᠠᠨ ᠬᠡᠷ ᠤᠨ ᠰᠢᠤ ᠱᠦᠢ ᠨᠡᠶᠢᠭᠡᠮ ᠲᠣᠭᠤᠷᠢᠭ᠂ ᠵᠢᠶᠠᠨ ᠴᠢᠶᠣᠤ ᠨᠡᠶᠢᠭᠡᠮ ᠲᠣᠭᠤᠷᠢᠭ ᠪᠣᠯᠤᠨ ᠮᠣᠳᠤᠨ ᠠᠶᠢᠯ ᠰᠢᠶᠠᠩ ᠤᠨ ᠹᠧᠨ ᠽᠢ  ᠳ᠋ᠢ ᠲᠣᠰᠬᠤᠨ ᠤ 3 ᠬᠢᠨᠠᠨ ᠬᠡᠮᠵᠢᠬᠦ ᠴᠡᠭ ᠲᠤ ᠭᠦᠨᠵᠡᠭᠡᠶᠢᠷᠡᠨ ᠮᠠᠨ ᠤ ᠬᠤᠰᠢᠭᠤᠨ ᠤ ᠨᠠᠰᠤᠨ ᠳᠤ ᠬᠦᠷᠦᠭᠰᠡᠳ ᠤᠨ ᠲᠠᠮᠠᠬᠢ ᠶᠢ ᠬᠢᠨᠠᠨ ᠬᠡᠮᠵᠢᠬᠦ ᠲᠤᠬᠠᠶ ᠶᠢᠨ  ᠲᠠᠯᠠᠪᠤᠷ ᠤᠨ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠢ ᠳᠠᠬᠢᠨ ᠬᠢᠨᠠᠵᠤ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠰᠢᠷᠠᠮ ᠢᠶᠠᠷ 30 ᠡᠷᠦᠬᠡ ᠶᠢ ᠰᠣᠩᠭᠤᠨ ᠠᠪᠴᠤ᠂ ᠠᠰᠠᠭᠤᠯᠲᠠ ᠶᠢᠨ ᠬᠠᠭᠤᠳᠠᠰᠤ ᠶᠢ ᠳᠠᠬᠢᠨ ᠬᠢᠨᠠᠬᠤ ᠠᠵᠢᠯ ᠢ ᠥᠷᠨᠢᠭᠦᠯᠵᠦ᠂ ᠠᠩᠬᠠᠨ ᠤ ᠣᠷᠣᠭᠤᠯᠤᠭᠰᠠᠨ ᠲᠤᠭ᠎ᠠ ᠪᠠᠷᠢᠮᠲᠠ ᠲᠠᠢ ᠠᠳᠠᠯᠢᠳᠬᠠᠬᠤ ᠪᠠ co ᠶᠢ ᠠᠰᠢᠭᠯᠠᠨ ᠲᠠᠮᠠᠬᠢ ᠲᠠᠲᠠᠬᠤ ᠶᠢ ᠪᠠᠶᠢᠴᠠᠭᠠᠨ ᠰᠢᠯᠭᠠᠬᠤ ᠶᠢᠨ ᠭᠤᠭᠤᠵᠢᠭᠳᠠᠭᠰᠠᠨ ᠪᠠᠶᠢᠳᠠᠯ ᠵᠡᠷᠭᠡ ᠶᠢ ᠲᠤᠬᠠᠶ ᠶᠢᠨ ᠲᠠᠯᠠᠪᠤᠷ ᠲᠤᠨᠢ ᠳᠠᠬᠢᠨ ᠬᠠᠷᠭᠤᠭᠤᠯᠪᠠ᠃ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠵᠢᠴᠢ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠡᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠰᠤᠨ ᠳᠤ ᠭᠦᠷᠦᠭᠰᠡᠳ ᠤᠨ ᠨᠠᠪᠴᠢᠨ ᠲᠠᠮᠠᠬᠢ ᠶᠢᠨ ᠲᠠᠷᠬᠠᠯᠲᠠ ᠶᠢ ᠬᠢᠨᠠᠨ ᠬᠡᠮᠵᠢᠬᠦ ᠠᠵᠢᠯ ᠢ ᠥᠷᠨᠢᠭᠦᠯᠦᠭᠰᠡᠨ ᠪᠠᠶᠢᠳᠠᠯ ᠢ ᠳᠡᠭᠡᠳᠦ ᠬᠡᠮᠵᠢᠶ᠎ᠡ ᠪᠠᠷ ᠮᠡᠳᠡᠷᠡᠪᠡ᠃    ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠪᠠᠷ ᠳᠡᠮᠵᠢᠨ᠂ ᠮᠠᠨ ᠤ ᠬᠤᠰᠢᠭᠤᠨ ᠤ ᠨᠠᠰᠤᠨ ᠳᠤ ᠭᠦᠷᠦᠭᠰᠡᠳ ᠤᠨ ᠲᠠᠮᠠᠬᠢᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠪᠠᠷ ᠠᠵᠠ ᠲᠣᠬᠢᠶᠠᠯ ᠪᠣᠯᠭᠠᠨ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠷᠡᠭᠦᠯ ᠡᠩᠬᠡ ᠠᠤᠬᠠᠨ ᠤ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号