ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ  ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/20
        9 ᠰᠠᠷ᠎ᠠ ᠶᠢᠨ 19 ᠤ ᠡᠳᠦᠷ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃
C:\Users\Administrator\Desktop\1_副本.jpg
    ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠵᠢᠴᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ︽ᠠᠤᠬᠠᠨ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ︿ᠡᠷᠬᠢᠨ ᠬᠠᠷᠠᠬᠤ﹀ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠵᠢᠢ ᠰᠢᠤᠢ ᠳ᠋ᠦᠩ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠬᠦᠴᠢᠷ ᠠᠰᠠᠭᠤᠳᠠᠯ᠂ ᠡᠪᠡᠷᠰᠢᠶᠡᠯ ᠪᠠ ᠲᠦᠭᠵᠢᠷᠡᠯ ᠳᠤ ᠰᠢᠭᠤᠳ ᠬᠠᠨᠳᠤᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠶᠢ ᠪᠠᠷᠢᠮᠲᠠᠯᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠦᠷᠭᠦᠯᠵᠢᠯᠡᠨ ᠪᠣᠭᠤᠮᠲᠠ ᠰᠢᠪᠲᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\2_副本.jpg
    ᠵᠢᠶ ᠰᠢᠤᠢ ᠳ᠋ᠦᠩ  ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠠᠯᠠ ᠮᠥᠩᠭᠦ ᠶᠢᠨ ᠣᠷᠣᠭᠤᠯᠤᠯᠲᠠ ᠶᠢ ᠦᠨᠡᠨᠬᠦ ᠪᠠᠲᠤᠯᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠴᠢᠩᠳᠠᠯᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠠᠲᠤ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠷ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠶᠢᠨ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ ᠰᠠᠶᠢᠲᠤᠷ ᠠᠳᠬᠤᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠶᠢᠨ ᠱᠦᠵᠢ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠠᠷᠢᠶᠠᠯᠠᠩ ᠤᠨ ᠥᠷᠲᠡᠭᠡ ᠶᠢᠨ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠡᠷᠬᠢᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠠᠮᠢᠶ᠎ᠠ ᠪᠥᠬᠦᠶ ᠥᠷᠲᠡᠭᠡ ᠲᠠᠰᠤᠭ ᠤᠨ ᠠᠵᠢᠯᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号