| | 2024 ᠣᠨ ᠤ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ | ᠬᠤᠭᠤᠴᠠᠭᠠᠨ ᠤ ᠰᠢᠨ ᠨᠠᠨ ᠲᠣᠰᠬᠤᠨ ᠤ ᠱᠦᠢᠨᠢ ᠵᠠᠮ ᠵᠡᠭᠡᠯᠢ ᠭᠤᠳᠤᠮᠵᠢ ᠶᠢᠨ ᠬᠠᠲᠠᠭᠤᠷᠠᠯ ᠢ ᠲᠡᠳᠬᠦᠬᠦ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠵᠢᠷᠭᠤᠭᠠᠨ ᠲᠥᠷᠥᠯ ᠵᠦᠢᠯ ᠤᠨ ᠨᠢᠭᠡ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 300 | ᠲᠦᠮᠡᠨ ᠲᠥᠭᠦᠷᠢᠭ ᠪᠠᠶᠢᠵᠤ᠂ ᠰᠢᠨ᠎ᠡ ᠪᠠᠷ ᠪᠠᠶᠢᠭᠤᠯᠤᠭᠰᠠᠨ ᠱᠦᠢᠨᠢ ᠶᠢᠨ ᠪᠧᠲ᠋ᠤᠨ ᠬᠠᠲᠠᠭᠤᠷᠠᠭᠤᠯᠤᠭᠰᠠᠨ | ᠲᠠᠯᠠᠪᠠᠶ ᠨᠢ 21174.79 ᠲᠡᠭᠰᠢ ᠳᠥᠷᠪᠡᠯᠵᠢᠨ ᠮᠧᠲᠷ ᠪᠠᠶᠢᠵᠤ᠂ ᠣᠲᠣ ᠨᠢᠭᠡᠨᠲᠡ ᠪᠠᠷᠢᠯᠭ᠎ᠠ ᠶᠢᠨ ᠬᠡᠮᠵᠢᠶ᠎ᠡ ᠶᠢᠨ | 85% ᠶᠢ ᠪᠡᠶᠡᠯᠡᠭᠦᠯᠵᠦ᠂ ᠵᠢᠱᠢᠯᠲᠡ ᠪᠠᠷ 10 ᠰᠠᠷ᠎ᠠ ᠶᠢᠨ 15 ᠤ ᠡᠳᠦᠷ ᠪᠠᠷᠢᠵᠤ ᠳᠠᠭᠤᠰᠬᠠᠨ᠎ᠠ᠃ ᠲᠥᠷᠥᠯ | ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠴᠥᠭᠦᠷᠥᠮ ᠤᠨ ᠨᠡᠭᠦᠳᠡᠯ ᠠᠷᠠᠳ ᠵᠢᠴᠢ ᠲᠣᠰᠬᠤᠨ ᠤ ᠠᠷᠠᠳ ᠤᠨ | ᠦᠢᠯᠡᠳᠪᠦᠷᠢᠯᠡᠯ ᠠᠮᠢᠳᠤᠷᠠᠯ᠂ ᠣᠷᠣᠰᠢᠨ ᠰᠠᠭᠤᠬᠤ ᠣᠷᠴᠢᠨ ᠨᠦᠭᠦᠴᠡᠯ᠂ ᠵᠠᠮ ᠬᠠᠷᠢᠯᠴᠠᠭ᠎ᠠ ᠶᠠᠪᠤᠵᠤ ᠰᠠᠭᠤᠬᠤ | ᠵᠡᠷᠭᠡ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠣᠷᠣᠨ ᠨᠤᠲᠤᠭ ᠤᠨ ᠠᠵᠤ ᠠᠬᠤᠶ ᠶᠢ | ᠬᠥᠭᠵᠢᠭᠦᠯᠬᠦ ᠳᠤ ᠴᠢᠬᠤᠯᠠ ᠦᠢᠯᠡᠳᠦᠯ ᠲᠠᠢ ᠪᠠᠶᠢᠵᠤ᠂ ᠲᠤᠬᠠᠶ ᠶᠢᠨ ᠭᠠᠵᠠᠷ ᠤᠨ ᠨᠡᠶᠢᠭᠡᠮ ᠤᠨ ᠡᠶ᠎ᠡ ᠵᠣᠬᠢᠴᠠᠯ ᠲᠠᠢ | ᠬᠥᠭᠵᠢᠯᠲᠡ ᠶᠢ ᠠᠬᠢᠭᠤᠯᠬᠤ ᠪᠣᠯᠤᠨ᠎ᠠ᠃ | | |