ᠬᠡᠰᠢᠭᠲᠡᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠮᠠᠨ ᠤ ᠬᠤᠰᠢᠭᠤᠨ ᠳᠤ ᠢᠷᠡᠵᠦ 2024 ᠣᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠰᠣᠯᠪᠢᠴᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/3
        ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠳᠬᠢᠮᠵᠢ ᠶᠢ ᠥᠷᠭᠡᠳᠬᠡᠬᠦ ᠶᠢᠨ ᠲᠥᠯᠥᠭᠡ᠂ ︽ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠤᠰᠢᠭᠤ ᠰᠢᠶᠠᠨ ᠲᠣᠭᠤᠷᠢᠭ ᠤᠨ ᠬᠤᠭᠤᠷᠣᠨᠳᠣᠬᠢ ᠠᠶᠤᠯᠭᠦᠶ ᠦᠢᠯᠡᠳᠪᠦᠷᠢᠯᠡᠯ ᠰᠣᠯᠪᠢᠴᠠᠵᠤ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠬᠡᠰᠢᠭᠲᠡᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢᠶᠠᠨ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠰᠣᠯᠪᠢᠴᠠᠵᠤ ᠬᠠᠷᠢᠯᠴᠠᠨ ᠪᠠᠶᠢᠴᠠᠭᠠᠬᠤ ᠠᠵᠢᠯ ᠥᠷᠨᠢᠭᠦᠯᠪᠡ᠃    ᠪᠠᠶᠢᠴᠠᠭᠠᠬᠤ ᠳᠤᠭᠤᠶᠢᠯᠠᠩ  ᠤᠨ ᠬᠢᠨ 5 ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠭᠤᠭᠴᠤᠭ᠎ᠠ ᠨᠢᠭᠡᠪᠦᠷᠢ᠂ ᠬᠡᠰᠡᠭ ᠪᠦᠷᠢ ᠶᠢᠨ ᠦᠢᠯᠡᠳᠪᠦᠷᠢᠯᠡᠯ ᠤᠨ ᠠᠵᠢᠯ ᠤᠨ ᠣᠷᠣᠨ ᠪᠦᠰᠡ ᠳᠤ ᠪᠦᠬᠦ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠭᠰᠡᠨ ᠪᠥᠭᠡᠳ ᠠᠵᠤ ᠠᠬᠤᠶᠢᠯᠠᠯ ᠤᠨ ᠲᠠᠩᠰᠠ ᠡᠪᠬᠡᠮᠡᠯ ᠤᠨ ᠪᠠᠶᠢᠭᠤᠯᠤᠯᠲᠠ ᠶᠢᠨ ᠪᠠᠶᠢᠳᠠᠯ ᠳᠤ ᠰᠢᠰᠲ᠋ᠧᠮᠲᠦ ᠴᠢᠨᠠᠷᠲᠠᠢ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠴᠥᠮ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠵᠦᠶ ᠵᠣᠬᠢᠰᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    ᠪᠠᠶᠢᠴᠠᠭᠠᠬᠤ ᠳᠤᠭᠤᠶᠢᠯᠠᠩ ᠠᠴᠠ᠂ ᠠᠵᠤ ᠠᠬᠤᠶᠢᠯᠠᠯ ᠨᠢ ᠨᠢᠭᠡ ᠳᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠷᠤᠶ ᠲᠦᠷᠭᠡᠨ ᠥᠷᠨᠢᠭᠦᠯᠵᠦ᠂ ᠠᠮᠤᠷ ᠲᠦᠪᠰᠢᠨ ᠤ ᠤᠷᠢᠲᠠᠯ ᠳᠣᠤᠷ᠎ᠠ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠵᠦᠢᠯ ᠳᠠᠷᠠᠭᠠᠯᠠᠨ ᠳ᠋ᠤᠭᠠᠷᠯᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ︔ ᠬᠤᠶᠠᠷ ᠲᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠲᠦᠷᠦᠯ ᠤᠨ ᠪᠠᠷᠢᠮᠵᠢᠶ᠎ᠠ ᠵᠢᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠭᠤᠯᠭᠠᠭᠰᠠᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠤᠨ ᠲᠦᠭᠰᠢᠭᠦᠷᠢ ᠶᠢᠨ ᠣᠷᠣᠨ ᠪᠠᠶᠢᠷᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠠᠲ᠋ᠧᠷᠢᠶᠠᠯ ᠲᠠᠩᠰᠠ ᠡᠪᠬᠡᠮᠡᠯ ᠢ ᠡᠮᠬᠢᠯᠡᠨ ᠲᠡᠭᠦᠯᠳᠡᠷᠵᠢᠭᠦᠯᠵᠦ᠂ ᠠᠳᠡᠯ ᠤᠨ ᠳᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠬᠤᠷᠢᠭᠯᠠᠨ ᠵᠣᠭᠰᠣᠭᠠᠬᠤ ᠬᠡᠷᠡᠭᠲᠡᠶ︔ ᠭᠤᠷᠪᠠ ᠳᠤ᠂ ᠨᠡᠪᠲᠡᠷᠡᠯᠴᠡᠨ ᠠᠰᠠᠭᠤᠳᠠᠯ ᠢ  ᠰᠢᠢᠳᠪᠦᠷᠢᠯᠡᠬᠦ ᠬᠦᠰᠡᠯ ᠰᠠᠨᠠᠭ᠎ᠠ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠠᠴᠠ ᠠᠰᠠᠭᠤᠯᠲᠠ ᠳᠤᠷᠠᠳᠴᠤ ᠂ ᠬᠤᠣᠰ ᠴᠢᠭᠯᠡᠯ ᠢᠶᠠᠷ ᠨᠡᠪᠲᠡᠷᠡᠯᠴᠡᠬᠦ ᠬᠤᠪᠢᠷᠠᠯᠲᠠ ᠶᠢ ᠪᠡᠶᠡᠯᠡᠭᠦᠯᠵᠦ᠂ ᠬᠠᠮᠵᠢᠯᠴᠠᠨ ᠬᠦᠴᠦᠯᠡᠵᠦ ᠪᠠᠶᠢᠭᠠᠳ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠳᠠᠯᠳᠠ ᠭᠡᠮ ᠢ ᠪᠦᠬᠦ ᠲᠠᠯ᠎ᠠ ᠪᠠᠷ ᠠᠷᠢᠯᠭᠠᠬᠤ ᠬᠡᠷᠡᠭᠲᠡᠢ  ᠭᠡᠵᠦ ᠴᠢᠬᠤᠯᠠᠴᠢᠯᠠᠪᠠ᠃    ᠲᠣᠰ ᠤᠳᠠᠭᠠᠨ ᠤ ᠰᠣᠯᠪᠢᠴᠠᠨ ᠪᠠᠶᠢᠴᠠᠭᠠᠬᠤ ᠠᠵᠢᠯ ᠢᠶᠠᠷ ᠳᠡᠮᠵᠢᠨ᠂ ᠮᠠᠨ ᠤ ᠬᠤᠰᠢᠭᠤᠨ ᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠮᠠᠨ ᠤ ᠬᠤᠰᠢᠭᠤᠨ ᠤ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠨ ᠬᠠᠮᠢᠶᠠᠷᠬᠤ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠨᠠᠩ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠬᠠᠷᠢᠯᠴᠠᠨ ᠰᠤᠷᠤᠯᠴᠠᠬᠤ᠂ ᠬᠠᠷᠢᠯᠴᠠᠨ ᠪᠠᠶᠢᠴᠠᠭᠠᠬᠤ᠂ ᠬᠠᠷᠢᠯᠴᠠᠨ ᠠᠬᠢᠭᠤᠯᠬᠤ︾ ᠠᠵᠢᠯ ᠤᠨ ᠵᠠᠭᠪᠤᠷ ᠢ ᠨᠠᠩ ᠰᠠᠶᠢᠲᠤᠷ ᠠᠰᠢᠭᠯᠠᠵᠤ᠂ ᠬᠢᠨᠠᠨ ᠬᠠᠮᠢᠶᠠᠷᠬᠤ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠰᠢᠯᠢᠳᠡᠭ ᠬᠠᠮᠢᠶᠠᠷᠤᠯᠲᠠ ᠶᠢᠨ ᠠᠷᠭ᠎ᠠ ᠪᠠ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠬᠤ ᠶᠢᠨ ᠬᠠᠮᠲᠤ ᠬᠡᠷᠡᠭᠯᠡᠯᠲᠡ ᠶᠢ ᠡᠵᠡᠮᠳᠡᠵᠦ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号