ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠥᠬᠦ ᠬᠤᠰᠢᠭᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠥᠪᠯᠡᠷᠡᠭᠦᠯᠦᠨ ᠪᠠᠶᠢᠴᠠᠭᠠᠬᠤ ᠵᠢᠴᠢ ᠭᠠᠷ ᠤᠲᠠᠰᠤᠨ ᠤ APP ᠶᠢᠨ ᠠᠵᠢᠯᠯᠠᠭᠠᠨ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ
ᠨᠡᠶᠢᠲᠡᠯᠡᠭᠰᠡᠨ ᠴᠠᠭ᠄
2024/9/3
     ᠪᠥᠬᠦ ᠤᠯᠤᠰ᠂ ᠪᠥᠬᠦ ᠣᠷᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠥᠬᠦ ᠬᠤᠰᠢᠭᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 2 ᠤᠨ ᠡᠳᠦᠷ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠥᠬᠦ ᠬᠤᠰᠢᠭᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠵᠢᠴᠢ ᠭᠠᠷ ᠤᠲᠠᠰᠤᠨ ᠤ APP ᠶᠢᠨ ᠠᠵᠢᠯᠯᠠᠭᠠᠨ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠪᠠ᠃ ᠪᠥᠬᠦ ᠬᠤᠰᠢᠭᠤᠨ ᠤ 18 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠯᠪᠠᠨ ᠬᠡᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠪᠥᠬᠦ ᠠᠵᠢᠯᠲᠠᠨ ᠵᠢᠴᠢ 232 ᠵᠠᠰᠠᠭ ᠵᠠᠬᠢᠷᠭᠠᠨ ᠤ ᠲᠣᠰᠬᠤᠨ ᠤ ᠠᠵᠢᠯᠲᠠᠨ ᠨᠡᠶᠢᠲᠡ 310 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ ᠰᠢᠶᠧ ᠵᠥᠩ ᠰᠢᠤᠸᠠᠢ  ᠤᠯᠤᠰ᠂ ᠥᠪᠡᠷᠲᠡᠭᠡᠨ ᠵᠠᠰᠠᠬᠤ ᠣᠷᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ  ᠳᠠᠮᠵᠢᠭᠤᠯᠤᠭᠰᠠᠨ ᠪᠥᠭᠡᠳ 2023 ᠣᠨ ᠤ ᠬᠢᠨᠠᠨ ᠰᠢᠯᠭᠠᠵᠤ ᠦᠨᠡᠯᠡᠨ ᠵᠢᠱᠢᠬᠦ ᠪᠠ ᠥᠪᠡᠷᠲᠡᠭᠡᠨ ᠵᠠᠰᠠᠬᠤ ᠣᠷᠣᠨ ᠤ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠭᠰᠡᠨ ᠦᠷ᠎ᠡ ᠪᠦᠲᠦᠮᠵᠢ ᠨᠢ ᠢᠯᠡᠷᠬᠡᠶ ᠪᠤᠰᠤ ᠠᠰᠠᠭᠤᠳᠠᠯ ᠵᠢᠴᠢ 2024 ᠣᠨ ᠤ ᠥᠪᠡᠷᠲᠡᠭᠡᠨ ᠵᠠᠰᠠᠬᠤ ᠣᠷᠣᠨ ᠤ ᠥᠷᠲᠡᠭᠡᠨ ᠳᠤ ᠰᠠᠭᠤᠵᠤ ᠵᠢᠭᠠᠨ ᠵᠢᠯᠣᠭᠤᠳᠴᠤ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ 2024 ᠣᠨ ᠤ ︽ᠡᠷᠬᠢᠨ ᠬᠠᠷᠠᠬᠤ︾ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠨᠢᠭᠡ ᠳᠤ ᠂ 2024 ᠣᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠪᠠ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠶ ᠪᠢᠰᠢ ᠨᠠᠷᠢᠯᠢᠭ ᠪᠤᠰᠤ ᠠᠰᠠᠭᠤᠳᠠᠯ ᠢ ᠲᠣᠳᠣᠷᠬᠠᠶ ᠲᠠᠨᠢᠬᠤ ᠬᠡᠷᠡᠭᠲᠡᠶ︔ ᠬᠤᠶᠠᠷ ᠲᠤ ᠂ ᠲᠣᠰ ᠤᠳᠠᠭᠠᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ︽ᠡᠷᠭᠢᠵᠦ ᠬᠠᠷᠠᠬᠤ︾ ᠬᠠᠮᠢᠶ᠎ᠠ ᠪᠦᠬᠦᠢ ᠠᠵᠢᠯ ᠢ ᠰᠠᠶᠢᠲᠤᠷ ᠠᠳᠬᠤᠵᠤ᠂ ︽ᠵᠢᠷᠭᠤᠭ᠎ᠠ ᠶᠢ ᠦᠵᠡᠵᠦ᠂ ᠨᠢᠭᠡ ᠶᠢ ᠲᠡᠭᠦᠯᠳᠡᠷᠵᠢᠭᠦᠯᠬᠦ︾ ᠠᠵᠢᠯ ᠢ ᠰᠠᠶᠢᠲᠤᠷ ᠠᠳᠬᠤᠵᠤ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠴᠤ᠂ ᠲᠣᠭᠲᠠᠭᠤᠨ ᠢᠶᠠᠷ ᠤᠬᠤᠷᠢᠨ ᠭᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠭᠤᠷᠪᠠ ᠳᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠡᠰ ᠳᠠᠪᠬᠤᠷᠭ᠎ᠠ ᠬᠤᠪᠢᠶᠠᠨ ᠪᠣᠯᠪᠠᠰᠤᠷᠠᠭᠤᠯᠬᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠦᠲᠦᠮᠵᠢᠲᠡᠢ ᠰᠡᠷᠭᠡᠶᠢᠯᠡᠬᠦ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠪᠠᠷ ᠭᠠᠷᠳᠠᠴᠠ ᠪᠠ ᠭᠤᠣᠯᠳᠠᠯᠭ᠎ᠠ ᠪᠣᠯᠭᠠᠵᠤ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃    ᠶᠠᠳᠠᠭᠤ ᠬᠦᠴᠢᠷᠳᠡᠯᠲᠡᠶ ᠪᠠᠶᠢᠳᠠᠯ ᠢ ᠬᠢᠨᠠᠨ ᠬᠡᠮᠵᠢᠬᠦ ᠲᠠᠰᠤᠭ ᠤᠨ ᠳᠠᠷᠤᠭ᠎ᠠ ᠱᠢ ᠢᠦᠶ ᠵᠢᠶᠤᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠰᠢᠰᠲ᠋ᠧᠮ ᠪᠠ ᠭᠠᠷ ᠤᠲᠠᠰᠤᠨ ᠤ APP ᠶᠢᠨ ᠠᠵᠢᠯᠯᠠᠭᠠᠨ ᠤ ᠬᠡᠷᠡᠭᠯᠡᠯᠲᠡ ᠶᠢᠨ ᠲᠤᠬᠠᠶ ᠲᠥᠪᠯᠡᠷᠡᠭᠦᠯᠦᠨ ᠪᠣᠯᠪᠠᠰᠤᠷᠠᠭᠤᠯᠵᠤ᠂ ᠭᠠᠷ ᠤᠲᠠᠰᠤᠨ ᠤ APP ᠶᠢᠨ ᠠᠵᠢᠯᠯᠠᠬᠤ ᠲᠦᠷᠢᠮ᠂ ᠪᠠᠶᠢᠩᠭᠤ ᠲᠣᠬᠢᠶᠠᠯᠳᠤᠬᠤ ᠲᠤᠭ᠎ᠠ ᠪᠠᠷᠢᠮᠲᠠ᠂ ᠠᠰᠠᠭᠤᠳᠠᠯ ᠢ ᠨᠠᠷᠢᠨ ᠲᠠᠶᠢᠯᠪᠤᠷᠢᠯᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ 2024 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠢᠭᠰᠠᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号