ᠠᠤᠬᠠᠨ ᠬᠤᠰᠢᠭᠤ 12345 ᠤᠲᠠᠰᠤᠨ ᠤ ᠬᠤᠭᠤᠴᠠᠭ᠎ᠠ ᠠᠴᠠ ᠬᠡᠲᠦᠷᠡᠭᠰᠡᠨ ᠳᠠᠭᠤᠰᠤᠭᠠᠳᠤᠢ ᠠᠵᠢᠯ ᠤᠨ ᠬᠠᠭᠤᠳᠠᠰᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/3
    12345 ᠬᠠᠯᠠᠮᠰᠢᠯ ᠤᠲᠠᠰᠤ ᠶᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 2 ᠤᠨ ᠡᠳᠦᠷ᠂ ᠵᠠᠩ ᠶᠦᠩ ᠹᠦ᠋ ᠬᠤᠰᠢᠭᠤᠨ ᠳᠡᠳ᠋ ᠳᠠᠷᠤᠭ᠎ᠠ 12345 ᠬᠠᠯᠠᠮᠰᠢᠯ ᠤᠲᠠᠰᠤ ᠶᠢᠨ ᠬᠤᠭᠤᠴᠠᠭ᠎ᠠ ᠠᠴᠠ ᠬᠡᠲᠦᠷᠡᠭᠰᠡᠨ ᠰᠢᠢᠳᠪᠦᠷᠢᠯᠡᠵᠦ ᠳᠠᠭᠤᠰᠬᠠᠭᠠᠳᠤᠶ ᠠᠵᠢᠯ ᠤᠨ ᠬᠠᠭᠤᠳᠠᠰᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠵᠤ᠂ ᠬᠠᠮᠢᠶ᠎ᠠ ᠪᠥᠬᠦᠶ ᠭᠠᠵᠠᠷ ᠣᠷᠣᠨ ᠰᠠᠯᠠᠭ᠎ᠠ ᠮᠥᠴᠢᠷ ᠤᠨ ᠬᠠᠯᠠᠮᠰᠢᠯ ᠤᠲᠠᠰᠤ ᠶᠢᠨ ᠠᠵᠢᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂  ᠬᠤᠰᠢᠭᠤᠨ ᠳᠡᠳ᠋ ᠳᠠᠷᠤᠭ᠎ᠠ ᠵᠠᠩ ᠶᠦᠩ ᠹᠦ᠋ ᠠᠵᠢᠯ ᠤᠨ ᠬᠠᠭᠤᠳᠠᠰᠤ ᠶᠢ ᠭᠦᠢᠴᠡᠳᠭᠡᠬᠦ ᠳᠤ ᠶᠡᠷᠦᠩᠬᠡᠶ ᠪᠠᠶᠢᠷᠢᠯᠠᠭᠤᠯᠤᠯᠲᠠ ᠬᠢᠭᠰᠡᠨ ᠪᠥᠭᠡᠳ ᠴᠢᠬᠤᠯᠠᠴᠢᠯᠠᠭᠰᠠᠨ ᠨᠢ᠂ ᠨᠢᠭᠡ ᠳᠤ ᠂ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠢᠢᠳᠪᠦᠷᠢᠯᠡᠵᠦ ᠳᠠᠭᠤᠰᠬᠠᠭᠠᠳᠤᠶ ᠠᠵᠢᠯ ᠤᠨ ᠬᠠᠭᠤᠳᠠᠰᠤ ᠣᠷᠣᠰᠢᠵᠤ ᠪᠠᠶᠢᠭ᠎ᠠ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳ ᠨᠢᠭᠡ ᠪᠠᠷ ᠰᠤᠳᠤᠯᠤᠨ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠠᠵᠢᠯ ᠤᠨ ᠵᠣᠯᠭᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠤᠯᠤᠰ ᠲᠥᠷᠥ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠵᠢᠴᠢ 12345 ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠦᠨᠡᠨᠬᠦ ᠰᠠᠶᠢᠲᠤᠷ ᠬᠢᠵᠦ᠂ ᠰᠢᠢᠳᠪᠦᠷᠢᠯᠡᠵᠦ ᠳᠠᠭᠤᠰᠬᠠᠭᠠᠳᠤᠶ ᠠᠵᠢᠯ ᠤᠨ ᠬᠠᠭᠤᠳᠠᠰᠤᠨ ᠳᠠᠬᠢ ᠰᠡᠵᠢᠭ ᠲᠠᠢ ᠵᠦᠢᠯ ᠬᠦᠴᠢᠷ ᠠᠰᠠᠭᠤᠳᠠᠯ ᠤᠨ ᠲᠤᠬᠠᠶ ᠨᠡᠪᠲᠡᠷᠡᠯᠴᠡᠨ ᠶᠠᠷᠢᠯᠴᠠᠬᠤ ᠪᠠᠨ ᠴᠢᠩᠭᠠᠳᠬᠠᠵᠤ᠂ ᠡᠷᠲᠡᠬᠡᠨ ᠰᠢᠢᠳᠪᠦᠷᠢᠯᠡᠬᠦ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠦᠭᠦᠳ ᠲᠡᠷᠡ ᠳᠠᠷᠤᠶ ᠳᠤᠨᠢ ᠭᠠᠷ ᠤᠨ ᠥᠰᠥᠭ ᠵᠢᠷᠤᠵᠤ ᠬᠤᠷᠢᠶᠠᠨ ᠠᠪᠬᠤ ᠶᠢ ᠪᠡᠶᠡᠯᠡᠭᠦᠯᠵᠦ᠂ ᠲᠡᠷᠡ ᠳᠠᠷᠤᠶ ᠳᠤᠨᠢ ᠬᠢᠨᠠᠨ ᠬᠠᠷᠭᠤᠭᠤᠯᠵᠤ ᠬᠠᠷᠢᠭᠤᠯᠲᠠ ᠥᠭᠴᠦ᠂ ᠬᠤᠭᠤᠴᠠᠭ᠎ᠠ ᠠᠴᠠ ᠬᠡᠲᠦᠷᠡᠭᠰᠡᠨ ᠠᠵᠢᠯ ᠤᠨ ᠬᠠᠭᠤᠳᠠᠰᠤ ᠳᠤ ᠴᠢᠭᠯᠡᠭᠦᠯᠦᠨ᠂ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠠᠳᠤᠶ ᠶᠠᠮᠠᠷᠪᠠ ᠰᠢᠯᠲᠠᠭ ᠢᠶᠠᠷ ᠭᠦᠢᠴᠡᠳᠭᠡᠬᠦ ᠦᠭᠡᠢ᠂ ᠭᠦᠢᠴᠡᠳᠭᠡᠬᠦ ᠶᠢ ᠤᠳᠠᠭᠠᠰᠢᠷᠠᠭᠤᠯᠵᠤ ᠪᠣᠯᠬᠤ ᠦᠭᠡᠢ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢᠨ ᠭᠦᠢᠴᠡᠳᠭᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号