︽ᠠᠤᠬᠠᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠣᠲᠠᠰᠤ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/4
           ᠨᠢᠭᠡ᠂  ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ    ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠤᠬᠠᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ ︽12345 ᠬᠠᠯᠠᠮᠰᠢᠯ ᠤᠲᠠᠰᠤ︾ ᠭᠡᠵᠦ ᠲᠣᠪᠴᠢᠯᠠᠨ᠎ᠠ︶ ᠶᠢᠨ ᠠᠵᠢᠯᠯᠠᠭᠠᠨ ᠤ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢᠨ ᠲᠤᠰᠠᠳᠠ᠂  ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠭᠤᠨ᠂ ᠣᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶ ᠵᠣᠴᠢᠨ ᠤ ᠦᠢᠯᠡᠴᠢᠯᠡᠭᠡ︾ ᠶᠢ ᠪᠣᠶ ᠪᠣᠯᠭᠠᠵᠤ᠂ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 53 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 25 ᠳ᠋ᠤᠭᠠᠷ ᠲᠣᠭᠠᠲᠤ︶ ᠪᠠ ︽ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ᠨᠢᠭᠡᠳᠦᠭᠡᠷ ᠵᠦᠢᠯ᠂ 12345 ᠬᠠᠯᠠᠮᠰᠢᠯ ᠤᠲᠠᠰᠤ ᠶᠢᠨ ᠠᠵᠢᠯ ᠤᠨ ᠲᠠᠰ ᠳᠠᠷᠠᠭᠠᠯᠠᠯ ᠢ ᠭᠤᠤᠯᠳᠠᠭᠤ ᠭᠥᠯᠢᠶᠡᠨ ᠠᠪᠴᠤ ᠰᠢᠢᠳᠪᠦᠷᠢᠯᠡᠬᠦ᠂ ᠬᠠᠭᠤᠳᠠᠰᠤ ᠲᠣᠮᠢᠯᠠᠬᠤ᠂ ᠭᠦᠢᠴᠡᠳᠬᠡᠬᠦ᠂ ᠬᠠᠷᠢᠭᠤᠯᠲᠠ ᠥᠭᠬᠦ᠂   ᠱᠠᠭᠠᠷᠳᠠᠨ ᠭᠦᠢᠴᠡᠳᠬᠡᠬᠦ᠂ ᠱᠠᠯᠠᠪᠳᠠᠭᠤᠯᠤᠨ ᠭᠦᠢᠴᠡᠳᠬᠡᠬᠦ᠂ ᠰᠢᠢᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ ᠪᠠ ᠦᠨᠡᠯᠡᠬᠦ ᠵᠡᠷᠭᠡ ᠭᠤᠭᠴᠤᠭ᠎ᠠ ᠬᠤᠪᠢᠶᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠢᠲᠡᠭᠦᠤ ᠴᠠᠭᠠᠷᠢᠭ ᠤᠨ ᠠᠵᠢᠯᠯᠠᠭᠠᠨ ᠢ ᠪᠠᠲᠤᠯᠠᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ  ᠭᠦᠢᠴᠡᠳᠬᠡᠬᠦ︾ ᠶᠢ ᠪᠡᠶᠡᠯᠡᠭᠦᠯᠦᠨ᠎ᠡ᠃    ᠬᠤᠶᠠᠳᠤᠭᠠᠷ ᠵᠦᠢᠯ  ᠂  ᠬᠦᠯᠢᠶᠡᠨ ᠠᠪᠴᠤ ᠰᠢᠢᠳᠪᠦᠷᠢᠯᠡᠬᠦ︔    ᠭᠤᠷᠪᠠᠳᠤᠭᠠᠷ  ᠵᠦᠢᠯ ᠂ ᠬᠠᠭᠤᠳᠠᠰᠤ ᠲᠣᠮᠢᠯᠠᠬᠤ ︔    ᠳᠥᠷᠪᠡᠳᠦᠭᠡᠷ  ᠵᠦᠢᠯ ᠂ ᠬᠠᠷᠢᠭᠤᠯᠲᠠ ᠥᠭᠬᠦ ︔    ᠲᠠᠪᠤᠳᠤᠭᠠᠷ ᠵᠦᠢᠯ ᠂  ᠱᠠᠭᠠᠷᠳᠠᠨ  ᠭᠦᠢᠴᠡᠳᠬᠡᠬᠦ ︔    ᠵᠢᠷᠭᠤᠳᠤᠭᠠᠷ ᠵᠦᠢᠯ ᠂  ᠱᠠᠯᠠᠪᠳᠠᠭᠤᠯᠤᠨ ᠭᠦᠢᠴᠡᠳᠬᠡᠬᠦ ︔    ᠳᠣᠯᠣᠳᠤᠭᠠᠷ  ᠵᠦᠢᠯ ᠂  ᠰᠢᠢᠳᠪᠦᠷᠢᠯᠡᠵᠦ ᠳᠠᠭᠤᠰᠬᠠᠬᠤ ︔    ᠨᠠᠢᠮᠠᠳᠤᠭᠠᠷ ᠵᠦᠢᠯ ᠂ ᠬᠠᠷᠢᠭᠤ  ᠰᠤᠷᠪᠤᠯᠵᠢᠯᠠᠬᠤ  ︔    ᠶᠢᠰᠦᠳᠦᠭᠡᠷ ᠵᠦᠢᠯ ᠂  ᠦᠨᠡᠯᠡᠬᠦ︔ᠭᠤᠷᠪᠠ ᠂ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ   ᠠᠷᠪᠠᠳᠤᠭᠠᠷ ᠵᠦᠢᠯ ᠂ ᠬᠠᠯᠠᠮᠰᠢᠯ ᠣᠳᠠᠰᠣ 12345 ᠶᠢᠨ ᠠᠵᠢᠯ ᠤᠨ ᠥᠷᠲᠡᠭᠡ ᠶᠢᠨ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠶᠢᠨ ᠲᠤᠬᠠᠶ ᠭᠤᠤᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠶᠢ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ︔    ︵ᠬᠤᠶᠠᠷ︶ ᠮᠡᠳᠡᠯᠭᠡ ᠶᠢᠨ ᠮᠡᠳᠡᠭᠡ ᠵᠠᠩᠭᠢ ᠶᠢ ᠣᠷᠣᠭᠤᠯᠬᠤ᠂ ᠰᠢᠨᠡᠳᠬᠡᠬᠦ᠂ ᠬᠠᠰᠤᠬᠤ ᠪᠠ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠠᠲᠤᠯᠠᠨ᠎ᠠ︔    ︵ᠭᠤᠷᠪᠠ︶ ᠮᠡᠳᠡᠯᠭᠡ ᠶᠢᠨ ᠮᠡᠳᠡᠭᠡ ᠵᠠᠩᠭᠢ ᠶᠢᠨ ᠬᠡᠯᠪᠡᠷᠢ᠂ ᠲᠥᠷᠥᠯ ᠬᠤᠪᠢᠶᠠᠬᠤ᠂ ᠰᠢᠨᠡᠳᠬᠡᠬᠦ ᠵᠡᠷᠭᠡ ᠨᠢᠭᠡᠳᠦᠯᠲᠡᠶ ᠪᠠᠷᠢᠮᠵᠢᠶ᠎ᠠ ᠶᠢ ᠲᠣᠭᠲᠠᠭᠠᠨ᠎ᠠ ︔    ︵ᠲᠦᠷᠪᠡ︶ ᠮᠡᠳᠡᠯᠭᠡ ᠶᠢᠨ ᠴᠡᠭ ᠢ ᠬᠡᠷᠡᠭᠯᠡᠵᠦ ᠪᠠᠶᠢᠭ᠎ᠠ ᠪᠠᠶᠢᠳᠠᠯ ᠪᠠ ᠦᠷᠭᠦᠯᠵᠢ ᠲᠣᠬᠢᠶᠠᠯᠳᠤᠳᠠᠭ ᠠᠰᠠᠭᠤᠳᠠᠯ ᠳᠤ ᠪᠦᠷᠢᠳᠬᠡᠨ ᠵᠠᠳᠠᠯᠤᠯᠲᠠ ᠬᠢᠨ᠎ᠡ︔    ︵ᠲᠠᠪᠤ︶ ᠡᠯ᠎ᠡ ᠪᠦᠷᠢᠯᠳᠦᠬᠦᠨ ᠨᠢᠭᠡᠴᠡ ᠳᠤ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢᠨ ᠬᠠᠮᠠᠭᠠᠯᠠᠬᠤ ᠬᠡᠷᠡᠭᠴᠡᠭᠡ ᠶᠢ ᠴᠠᠭ ᠲᠤᠬᠠᠶ ᠳᠤᠨᠢ ᠬᠠᠷᠢᠭᠤ ᠲᠤᠰᠬᠠᠨ᠎ᠠ︔    ︵ᠵᠢᠷᠭᠤᠭ᠎ᠠ︶ ᠮᠡᠳᠡᠯᠭᠡ ᠶᠢᠨ ᠬᠥᠮᠥᠷᠭᠡ ᠶᠢ ᠬᠡᠷᠡᠭᠯᠡᠬᠦ ᠶᠠᠪᠤᠴᠠ ᠳᠤ ᠬᠡᠷᠪᠡ ᠮᠡᠳᠡᠯᠭᠡ ᠶᠢᠨ ᠴᠡᠭ ᠤᠨ ᠠᠭᠤᠯᠭ᠎ᠠ ᠪᠤᠷᠤᠭᠤ  ᠪᠠᠶᠢᠳᠠᠯ ᠭᠠᠷᠪᠠᠯ᠂ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠨᠢ ︽ᠬᠡᠨ ᠬᠠᠩᠭᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠬᠠᠷᠢᠭᠤᠴᠠᠯᠭ᠎ᠠ  ᠶᠢ ᠮᠠᠭᠠᠳᠯᠠᠨ ᠲᠣᠭᠲᠠᠭᠠᠨ᠎ᠠ᠃    ᠠᠷᠪᠠᠨ ᠨᠢᠭᠡᠳᠦᠭᠡᠷ ᠵᠦᠢᠯ ᠂ ᠳᠠᠭᠠᠭᠠᠨ ᠭᠦᠢᠴᠡᠳᠬᠡᠬᠦ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠦᠭᠦᠳ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠷᠢᠭᠤᠴᠠᠯᠭ᠎ᠠ ᠶᠢᠨ ᠲᠠᠰᠤᠭ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠮᠡᠳᠡᠯᠭᠡ ᠶᠢᠨ ᠬᠥᠮᠥᠷᠭᠡ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠡᠷᠬᠡ ᠮᠡᠳᠡᠯ ᠤᠨ ᠬᠡᠪᠴᠢᠶ᠎ᠡ ᠶᠢ ᠲᠣᠬᠢᠷᠠᠭᠤᠯᠤᠨ᠂ ᠲᠣᠰ ᠨᠢᠭᠡᠴᠡ ᠶᠢᠨ ᠢᠶᠠᠨ ᠮᠡᠳᠡᠯᠭᠡ ᠶᠢᠨ ᠬᠥᠮᠥᠷᠭᠡ ᠶᠢᠨ ᠡᠳᠦᠷ ᠲᠤᠲᠤᠮ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠮᠡᠳᠡᠯᠭᠡ ᠶᠢᠨ ᠬᠥᠮᠥᠷᠭᠡ ᠶᠢᠨ ᠠᠭᠤᠯᠭ᠎ᠠ ᠶᠢᠨ ᠪᠥᠬᠦ ᠲᠠᠯᠠᠲᠤ ᠴᠢᠨᠠᠷ᠂ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ  ᠪᠠᠲᠤᠯᠠᠨ᠎ᠠ︔    ︵ᠬᠤᠶᠠᠷ︶ ᠲᠣᠰ ᠨᠢᠭᠡᠴᠡ᠂ ᠲᠣᠰ ᠠᠵᠢᠯ ᠲᠥᠷᠥᠯ ᠤᠨ ᠬᠦᠷᠢᠶᠡᠨ ᠳᠠᠬᠢ ᠮᠡᠳᠡᠯᠭᠡ ᠶᠢᠨ ᠮᠡᠳᠡᠭᠡ ᠵᠠᠩᠭᠢ ᠶᠢ ᠵᠢᠷᠤᠮᠵᠢᠭᠤᠯᠤᠨ ᠴᠤᠭᠯᠠᠭᠤᠯᠬᠤ᠂ ᠡᠮᠬᠢᠯᠡᠬᠦ᠂ ᠦᠢᠯᠡᠳᠬᠦ ᠳᠤ ᠭᠤᠤᠯᠳᠠᠭᠤ ᠡᠯ᠎ᠡ ᠳᠠᠭᠠᠭᠠᠨ ᠭᠦᠢᠴᠡᠳᠭᠡᠬᠦ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠬᠠᠯᠠᠮᠰᠢᠯ ᠴᠡᠭ ᠤᠨ ᠠᠰᠠᠭᠤᠯᠲᠠ ᠬᠠᠷᠢᠭᠤᠯᠲᠠ᠂ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠠᠯᠪᠠᠨ ᠬᠠᠶ᠋ᠢᠭ᠂ ᠦᠢᠯᠡᠴᠢᠯᠡᠭᠡᠨ ᠤ ᠤᠲᠠᠰᠤ ᠵᠡᠷᠭᠡ ᠶᠢ ᠪᠠᠭᠲᠠᠭᠠᠵᠤ᠂ ᠰᠢᠯᠵᠢᠭᠦᠯᠦᠨ ᠭᠦᠢᠴᠡᠳᠭᠡᠬᠦ ᠲᠥᠷᠥᠯ ᠤᠨ ᠬᠦᠰᠡᠯ ᠱᠠᠭᠠᠷᠳᠠᠯᠭ᠎ᠠ ᠶᠢᠨ ᠬᠠᠷᠢᠭᠤᠯᠲᠠ ᠳᠤ ᠲᠤᠯᠭᠠᠭᠤᠷᠢᠯᠠᠯ ᠬᠠᠩᠭᠠᠨ᠎ᠠ︔    ︵ᠭᠤᠷᠪᠠ︶ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠬᠢ ᠡᠯ᠎ᠡ ᠲᠦᠷᠦᠯ ᠤᠨ ᠮᠡᠳᠡᠯᠭᠡ᠂ ᠡᠯ᠎ᠡ ᠲᠦᠷᠦᠯ ᠤᠨ ᠠᠯᠪᠠᠨ ᠵᠠᠷ ᠪᠠ ᠢᠯᠡ ᠪᠣᠯᠭᠠᠭᠰᠠᠨ ᠮᠡᠳᠡᠭᠡ ᠵᠠᠩᠭᠢ ᠵᠡᠷᠭᠡ ᠶᠢ ᠵᠢᠷᠤᠮᠵᠢᠭᠤᠯᠤᠨ ᠴᠤᠭᠯᠠᠭᠤᠯᠵᠤ᠂ ᠡᠮᠬᠢᠯᠡᠵᠦ᠂ ᠦᠢᠯᠡᠳᠴᠦ᠂ ᠠᠰᠠᠭᠤᠨ ᠯᠠᠪᠯᠠᠬᠤ ᠲᠦᠷᠦᠯ ᠤᠨ ᠭᠤᠮᠣᠳᠠᠯ ᠱᠠᠭᠠᠷᠳᠠᠯᠭ᠎ᠠ ᠳᠤ ᠬᠠᠷᠢᠭᠤᠯᠲᠠ ᠥᠭᠬᠦ ᠳᠤ ᠲᠤᠯᠭᠠᠭᠤᠷᠢᠯᠠᠯ  ᠬᠠᠩᠭᠠᠨ᠎ᠠ᠃     ᠠᠷᠪᠠᠨ ᠬᠤᠶᠠᠳᠤᠭᠠᠷ ᠵᠦᠢᠯ᠂ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ ᠪᠠ ᠬᠠᠮᠠᠭᠠᠯᠠᠵᠤ᠂ ᠡᠯ᠎ᠡ ᠳᠠᠭᠠᠭᠠᠨ ᠭᠦᠢᠴᠡᠳᠭᠡᠬᠦ ᠨᠢᠭᠡᠴᠡ ᠨᠢ ᠵᠠᠭᠪᠤᠷ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠤᠨ ᠳᠣᠲᠣᠷ᠎ᠠ ᠮᠡᠳᠡᠯᠭᠡ ᠶᠢᠨ ᠴᠡᠭ ᠢᠶᠠᠨ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠳᠤ ᠮᠡᠳᠡᠭᠦᠯᠵᠦ᠂ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠪᠠᠷ ᠬᠢᠨᠠᠨ ᠬᠠᠷᠭᠤᠭᠤᠯᠵᠤ᠂ ᠵᠠᠭᠪᠤᠷ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠠᠴᠠ ᠪᠦᠷᠢᠯᠳᠦᠬᠦᠨ ᠨᠢᠭᠡᠴᠡ ᠳᠤ ᠮᠡᠳᠡᠭᠳᠡᠵᠦ ᠬᠦᠴᠦᠨ ᠥᠬᠡᠶ ᠪᠣᠯᠭᠠᠬᠤ᠂ ᠴᠡᠭᠴᠡᠯᠡᠨ ᠰᠠᠶᠢᠵᠢᠷᠠᠭᠤᠯᠬᠤ ᠪᠠ ᠳᠠᠬᠢᠨ ᠪᠢᠴᠢᠵᠦ  ᠣᠷᠤᠭᠤᠯᠤᠨ᠎ᠠ᠃    ᠠᠷᠪᠠᠨ ᠭᠤᠷᠪᠠᠳᠤᠭᠠᠷ ᠵᠦᠢᠯ ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠡᠳᠡᠯᠭᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠰᠢᠯᠭᠠᠨ ᠬᠢᠨᠠᠬᠤ ᠭᠤᠤᠯ ᠴᠣᠭᠴᠠ ᠶᠢᠨ ᠨᠢᠭᠡᠴᠡ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ ᠳᠠᠭᠠᠭᠠᠨ ᠭᠦᠢᠴᠡᠳᠬᠡᠬᠦ ᠨᠢᠭᠡᠴᠡ ᠶᠢᠨ ᠡᠵᠡᠩᠨᠡᠯᠲᠡ ᠬᠠᠮᠠᠭᠠᠯᠠᠯᠲᠠ ᠶᠢᠨ ᠮᠡᠳᠡᠯᠭᠡ ᠶᠢᠨ ᠬᠥᠮᠥᠷᠭᠡ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ᠂ ᠵᠠᠷᠯᠠᠨ ᠮᠡᠳᠡᠭᠳᠡᠬᠦ ᠵᠡᠷᠭᠡ ᠪᠠᠭᠲᠠᠨ᠎ᠠ᠃      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ   ᠠᠷᠪᠠᠨ ᠳᠥᠷᠪᠡᠳᠦᠭᠡᠷ ᠵᠦᠢᠯ ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ᠂ ᠬᠠᠮᠢᠶ᠎ᠠ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ︽ᠠᠤᠬᠠᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ︾ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠥᠬᠦ ᠬᠤᠰᠢᠭᠤᠨ ᠤ ᠬᠠᠯᠠᠮᠰᠢᠯ ᠤᠲᠠᠰᠤᠨ ᠤ ᠠᠵᠢᠯ ᠢ ᠨᠢᠭᠡᠳᠦᠯᠲᠡᠶ ᠲᠥᠯᠥᠪᠵᠢᠭᠦᠯᠬᠦ᠂ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠵᠢᠴᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃    ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ᠬᠤᠰᠢᠭᠤᠨ ᠤ ᠬᠠᠯᠠᠮᠰᠢᠯ ᠤᠲᠠᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠪᠥᠬᠦ ᠬᠤᠰᠢᠭᠤᠨ ᠤ ᠬᠠᠯᠠᠮᠰᠢᠯ ᠤᠲᠠᠰᠤ ᠶᠢ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ᠂ ᠬᠢᠨᠠᠨ ᠬᠠᠮᠢᠶᠠᠷᠬᠤ᠂ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ᠃    ᠠᠷᠪᠠᠨ ᠲᠠᠪᠤᠳᠤᠭᠠᠷ ᠵᠦᠢᠯ ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠬᠤᠰᠢᠭᠤᠨ ᠤ ᠬᠠᠯᠠᠮᠰᠢᠯ ᠤᠲᠠᠰᠤ ᠶᠢᠨ ᠠᠵᠢᠯ ᠤᠨ ᠪᠠᠶᠢᠭᠤᠯᠤᠮᠵᠢ ᠪᠣᠯᠤᠨ᠎ᠠ᠂ ᠳᠣᠤᠷ᠎ᠠ ᠨᠢ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ︵ᠳᠣᠷᠣᠭᠰᠢ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠭᠡᠵᠦ ᠲᠣᠪᠴᠢᠯᠠᠨ᠎ᠠ︶ ᠶᠢ ᠳᠣᠭᠢᠷᠠᠭᠤᠯᠵᠤ᠂ ᠬᠠᠯᠠᠮᠰᠢᠯ ᠤᠲᠠᠰᠤ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠵᠤ᠂ ᠭᠤᠤᠯ ᠡᠭᠦᠷᠭᠡ ᠬᠠᠷᠢᠭᠤᠴᠠᠯᠭ᠎ᠠ ᠶᠢ ᠪᠠᠭᠲᠠᠭᠠᠨ᠎ᠠ᠄    ︵ᠨᠢᠭᠡ︶ ᠬᠠᠯᠠᠮᠰᠢᠯ ᠤᠲᠠᠰᠤ ᠪᠠᠷ ᠰᠢᠯᠵᠢᠭᠦᠯᠦᠨ ᠰᠢᠢᠳᠪᠦᠷᠢᠯᠡᠭᠦᠯᠬᠦ ᠵᠦᠢᠯᠡᠰ ᠢ ᠬᠤᠪᠢᠶᠠᠷᠢᠯᠠᠨ ᠲᠣᠮᠢᠯᠠᠬᠤ᠂ ᠬᠠᠷᠢᠭᠤ ᠲᠤᠰᠬᠠᠬᠤ ᠶᠢ ᠬᠠᠷᠢᠭᠤᠴᠠᠨ᠎ᠠ︔  ︵ᠬᠤᠶᠠᠷ︶ ᠬᠠᠯᠠᠮᠰᠢᠯ ᠤᠲᠠᠰᠤ ᠶᠢᠨ ᠭᠤᠮᠣᠳᠠᠯ ᠱᠠᠭᠠᠷᠳᠠᠯᠭ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠬᠦ᠂ ᠵᠠᠳᠠᠯᠬᠤ ᠵᠢᠴᠢ ᠲᠥᠰᠦᠭᠡᠯᠡᠵᠦ᠂ ᠭᠤᠮᠣᠳᠠᠯ ᠱᠠᠭᠠᠷᠳᠠᠯᠭ᠎ᠠ ᠲᠥᠪᠯᠡᠷᠡᠭᠰᠡᠨ ᠲᠣᠪᠤᠶᠢᠮ᠎ᠠ ᠠᠰᠠᠭᠤᠳᠠᠯ ᠳᠤ ᠵᠣᠬᠢᠴᠠᠩᠭᠤᠶ ᠰᠠᠨᠠᠭᠤᠯᠭ᠎ᠠ ᠳᠤᠷᠠᠳᠤᠨ᠎ᠠ︔    ︵ᠭᠤᠷᠪᠠ︶ ᠲᠣᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠠ ᠲᠣᠰ ᠭᠠᠵᠠᠷ ᠣᠷᠣᠨ ᠤ ᠬᠠᠮᠢᠶ᠎ᠠ ᠪᠥᠬᠦᠶ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠬᠠᠯᠠᠮᠰᠢᠯ ᠤᠲᠠᠰᠤᠨ ᠳᠤ ᠬᠢᠨᠠᠯᠲᠠ ᠲᠠᠯᠪᠢᠬᠤ᠂ ᠵᠢᠯᠣᠭᠤᠳᠬᠤ᠂ ᠦᠨᠡᠯᠡᠬᠦ ᠠᠵᠢᠯ ᠢ ᠬᠠᠷᠢᠭᠤᠴᠠᠨ᠎ᠠ︔    ︵ᠲᠦᠷᠪᠡ︶ ᠲᠣᠰ ᠭᠠᠵᠠᠷ ᠣᠷᠣᠨ ᠤ ᠬᠠᠯᠠᠮᠰᠢᠯ ᠤᠲᠠᠰᠤ ᠶᠢᠨ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢᠨ ᠠᠭᠤᠯᠭ᠎ᠠ ᠳᠤ ᠬᠤᠯᠪᠣᠭᠳᠠᠬᠤ ᠰᠢᠨᠡᠴᠢᠯᠡᠯᠲᠡ ᠪᠠ ᠬᠠᠮᠠᠭᠠᠯᠠᠯᠲᠠ ᠶᠢ ᠬᠠᠷᠢᠭᠤᠴᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠪᠠᠲᠤᠯᠠᠨ᠎ᠠ︔    ︵ᠲᠠᠪᠤ︶ ᠲᠣᠰ ᠭᠠᠵᠠᠷ ᠣᠷᠣᠨ ᠤ ᠬᠠᠯᠠᠮᠰᠢᠯ ᠤᠲᠠᠰᠤᠨ ᠤ ᠠᠵᠢᠯ ᠤᠨ ᠡᠩᠨᠡᠭᠡ ᠶᠢᠨ ᠪᠠᠶᠢᠭᠤᠯᠤᠯᠲᠠ ᠵᠢᠴᠢ ᠠᠵᠢᠯᠲᠠᠨ ᠤ  ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔    ︵ᠵᠢᠷᠭᠤᠭ᠎ᠠ︶ ᠳᠡᠭᠡᠳᠦ ᠱᠠᠲᠤᠨ ᠤ ᠬᠠᠯᠠᠮᠰᠢᠯ ᠤᠲᠠᠰᠤᠨ ᠤ ᠰᠠᠯᠠᠭ᠎ᠠ ᠮᠥᠴᠢᠷ ᠪᠣᠯᠤᠨ ᠲᠣᠰ ᠱᠠᠲᠤᠨ ᠤ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃    ᠠᠷᠪᠠᠨ ᠵᠢᠷᠭᠤᠳᠤᠭᠠᠷ ᠵᠦᠢᠯ ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠨᠢᠭᠡᠴᠡ ᠪᠣᠯ 12345 ᠬᠠᠯᠠᠮᠰᠢᠯ ᠤᠲᠠᠰᠤᠨ ᠤ ᠶᠠᠪᠤᠳᠠᠯ ᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠪᠣᠯᠤᠨ᠎ᠠ᠄    ︵ᠨᠢᠭᠡ︶ ᠬᠠᠯᠠᠮᠰᠢᠯ ᠤᠲᠠᠰᠤ ᠶᠢᠨ ᠵᠦᠢᠯᠡᠰ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠠᠵᠢᠯᠲᠠᠨ ᠢ ᠲᠣᠳᠣᠷᠬᠠᠶᠢᠯᠠᠨ᠎ᠠ︔    ︵ᠬᠤᠶᠠᠷ︶ ᠬᠠᠯᠠᠮᠰᠢᠯ ᠤᠲᠠᠰᠤ ᠶᠢᠨ ᠠᠵᠢᠯ ᠳᠤ ᠢᠳᠡᠪᠬᠢᠲᠡᠶ ᠬᠠᠮᠵᠢᠯᠴᠠᠨ᠂ ᠴᠠᠭ ᠬᠤᠭᠤᠴᠠᠭᠠᠨ ᠤ ᠳᠣᠲᠣᠷ᠎ᠠ ᠭᠦᠢᠴᠡᠳᠭᠡᠬᠦ᠂ ᠬᠠᠷᠢᠭᠤᠯᠲᠠ ᠥᠭᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠬᠠᠯᠠᠮᠰᠢᠯ ᠤᠲᠠᠰᠤ ᠶᠢᠨ ᠲᠠᠪᠴᠠᠩ ᠤᠨ ᠰᠢᠯᠵᠢᠭᠦᠯᠦᠨ ᠲᠣᠮᠢᠯᠠᠭᠰᠠᠨ ᠬᠠᠯᠠᠮᠰᠢᠯ ᠤᠲᠠᠰᠤ ᠶᠢᠨ ᠵᠦᠢᠯᠡᠰ ᠢ ᠭᠦᠢᠴᠡᠳᠭᠡᠵᠦ᠂ ᠬᠠᠯᠠᠮᠰᠢᠯ ᠤᠲᠠᠰᠤ ᠶᠢᠨ ᠵᠦᠢᠯᠡᠰ ᠢ ᠵᠣᠬᠢᠴᠠᠭᠤᠯᠤᠨ ᠳᠣᠭᠢᠷᠠᠭᠤᠯᠬᠤ ᠬᠤᠷᠠᠯ ᠳᠤ ᠢᠳᠡᠪᠬᠢᠲᠡᠶ ᠣᠷᠣᠯᠴᠠᠵᠤ᠂ ᠴᠠᠭ ᠲᠤᠬᠠᠶ ᠳᠤᠨᠢ ᠳᠠᠭᠠᠵᠤ᠂ ᠥᠨᠳᠥᠷ ᠪᠦᠲᠦᠮᠵᠢᠲᠡᠶ ᠪᠠᠷ ᠭᠦᠢᠴᠡᠳᠭᠡᠵᠦ᠂ ᠴᠠᠭ ᠲᠤᠬᠠᠶ ᠳᠤᠨᠢ ᠬᠠᠷᠢᠭᠤ  ᠦᠭᠭᠦᠨ᠎ᠡ ︔    ︵ᠭᠤᠷᠪᠠ︶ ᠲᠣᠰ ᠨᠢᠭᠡᠴᠡ ᠳᠤ ᠬᠤᠯᠪᠣᠭᠳᠠᠬᠤ ᠬᠠᠯᠠᠮᠰᠢᠯ ᠤᠲᠠᠰᠤᠨ ᠤ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠬᠠᠷᠢᠴᠠᠩᠭᠤᠶ ᠪᠠᠷ ᠲᠥᠪᠯᠡᠷᠡᠭᠰᠡᠨ ᠬᠠᠯᠠᠮᠰᠢᠯ ᠤᠲᠠᠰᠤᠨ ᠤ ᠵᠦᠢᠯᠡᠰ ᠢ ᠰᠤᠳᠤᠯᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠳᠠᠯᠢ ᠲᠥᠷᠥᠯ ᠤᠨ ᠠᠰᠠᠭᠤᠳᠠᠯ ᠳᠠᠬᠢᠨ ᠳᠠᠪᠲᠠᠨ ᠡᠭᠦᠰᠬᠦ ᠶᠢ ᠰᠡᠷᠭᠡᠶᠢᠯᠡᠨ᠎ᠡ︔     ︵ᠲᠦᠷᠪᠡ︶ ︽ᠡᠷᠬᠡ ᠰᠦᠷ ᠲᠠᠢ ᠪᠥᠭᠡᠳ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠬᠤ ᠪᠠ ᠬᠠᠮᠠᠭᠠᠯᠠᠬᠤ ᠶᠢ ᠬᠠᠷᠢᠭᠤᠴᠠᠨ᠎ᠠ︔ ᠣᠯᠠᠨ ᠲᠠᠯ᠎ᠠ ᠠᠴᠠ  ᠬᠠᠷᠢᠴᠠᠭᠤᠯᠤᠨ ᠬᠠᠷᠭᠤᠭᠤᠯᠬᠤ᠂ ᠭᠤᠭᠤᠵᠢᠭᠳᠠᠭᠰᠠᠨ ᠢ ᠪᠠᠶᠢᠴᠠᠭᠠᠵᠤ ᠪᠤᠷᠤᠭᠤ ᠶᠢ ᠵᠠᠯᠠᠷᠠᠭᠤᠯᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ︔ ᠲᠤᠰᠬᠠᠶ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠰᠢᠨᠡᠳᠬᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠳᠠᠭᠠᠭᠠᠨ ᠭᠦᠢᠴᠡᠳᠭᠡᠬᠦ ᠨᠢᠭᠡᠴᠡ ᠨᠢ ᠴᠠᠭ ᠲᠤᠬᠠᠶ ᠳᠤᠨᠢ ᠬᠡᠯᠪᠡᠷᠢ ᠶᠣᠰᠣᠭᠠᠷ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠬᠦ ᠪᠠᠷᠢᠮᠵᠢᠶ᠎ᠠ ᠶᠢ ᠬᠦᠷᠭᠡᠵᠦ᠂ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠪᠠᠲᠤᠯᠠᠨ᠎ᠠ︔    ︵ᠲᠠᠪᠤ︶ ᠲᠣᠰ ᠨᠢᠭᠡᠴᠡ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠯᠠᠭᠠᠨᠬᠠᠳᠠ ᠬᠤᠲᠠ ᠶᠢᠨ ᠬᠠᠯᠠᠮᠰᠢᠯ ᠤᠲᠠᠰᠤ ᠶᠢᠨ ᠲᠠᠪᠴᠠᠩ ᠳᠤ ᠣᠷᠣᠭᠤᠯᠵᠤ᠂ ᠭᠡᠨᠡᠳᠲᠡ ᠶᠢᠨ ᠴᠢᠨᠠᠷᠲᠠᠶ᠂ ᠱᠠᠲᠤ ᠦᠶ᠎ᠡ ᠶᠢᠨ ᠴᠢᠨᠠᠷᠲᠠᠶ ᠵᠡᠷᠭᠡ ᠣᠯᠠᠨ ᠤᠳᠠᠭ᠎ᠠ ᠣᠯᠠᠨ ᠡᠭᠦᠰᠬᠦ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠶᠢ ᠳᠥᠯᠭᠢᠨ ᠠᠬᠢᠭᠤᠯᠤᠨ᠎ᠠ︔    ︵ᠵᠢᠷᠭᠤᠭ᠎ᠠ︶ ᠲᠣᠰ ᠨᠢᠭᠡᠴᠡ ᠶᠢᠨ ᠢᠶᠠᠨ ᠬᠠᠯᠠᠮᠰᠢᠯ ᠤᠲᠠᠰᠤᠨ ᠤ ᠠᠵᠢᠯ ᠤᠨ ᠡᠩᠨᠡᠭᠡ ᠶᠢᠨ ᠪᠠᠶᠢᠭᠤᠯᠤᠯᠲᠠ ᠵᠢᠴᠢ ᠠᠵᠢᠯᠲᠠᠨ ᠤ  ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ  ᠪᠣᠯᠪᠠᠰᠤᠷᠠᠯ ᠤᠨ ᠠᠵᠢᠯ ᠢ ᠬᠠᠮᠵᠢᠯᠴᠠᠨ ᠰᠠᠶᠢᠲᠤᠷ  ᠬᠢᠨ᠎ᠡ︔    ︵ᠳᠤᠯᠤᠭ᠎ᠠ︶ ᠲᠤᠰ ᠨᠢᠭᠡᠴᠡ ᠶᠢᠨ ᠠᠰᠠᠭᠤᠨ ᠯᠠᠪᠯᠠᠬᠤ ᠤᠲᠠᠰᠤ ᠶᠢ ᠲᠣᠳᠣᠷᠬᠠᠶᠢᠯᠠᠵᠤ᠂ ᠠᠵᠢᠯᠯᠠᠬᠤ ᠴᠠᠭ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠭᠤᠮᠣᠳᠠᠯ ᠲᠣᠭᠠᠴᠢᠭᠴᠢ᠂ ᠬᠠᠯᠠᠮᠰᠢᠯ ᠤᠲᠠᠰᠤ ᠲᠠᠢ ᠭᠤᠷᠪᠠᠨ ᠲᠠᠯ᠎ᠠ ᠶᠢᠨ ᠤᠲᠠᠰᠤ ᠶᠢ ᠨᠡᠪᠲᠡᠷᠡᠭᠦᠯᠦᠨ᠎ᠡ᠃    ︵ᠨᠠᠢᠮᠠ︶ ᠲᠣᠰ ᠨᠢᠭᠡᠴᠡ ᠶᠢᠨ ᠢᠶᠠᠨ ᠵᠢᠵᠢᠭᠦᠷᠯᠡᠬᠦ ᠤᠲᠠᠰᠤ ᠪᠤᠶᠤ ᠪᠠᠴᠢᠮ ᠪᠠᠶᠢᠳᠠᠯ ᠢ ᠠᠷᠭᠠᠴᠠᠬᠤ ᠬᠠᠷᠢᠯᠴᠠᠬᠤ ᠤᠲᠠᠰᠤ ᠶᠢ ᠲᠣᠳᠣᠷᠬᠠᠶᠢᠯᠠᠵᠤ᠂ ᠬᠠᠷᠢᠯᠴᠠᠬᠤ ᠳᠤ ᠲᠥᠬᠦᠮ ᠴᠢᠬᠤᠯᠠ ᠵᠦᠢᠯᠡᠰ ᠢ ᠵᠣᠬᠢᠴᠠᠭᠤᠯᠬᠤ ᠳᠤ ᠲᠥᠬᠦᠮ ᠪᠣᠯᠭᠠᠨ᠎ᠠ︔    ︵ᠶᠢᠰᠦ︶ ᠭᠤᠮᠣᠳᠠᠯ ᠱᠠᠭᠠᠷᠳᠠᠯᠭ᠎ᠠ ᠶᠢᠨ ᠵᠦᠢᠯᠡᠰ ᠢ ᠰᠢᠢᠳᠪᠦᠷᠢᠯᠡᠬᠦ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠨ᠎ᠠ︔    ︵ᠠᠷᠪᠠ︶ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠷᠢᠶ᠎ᠠ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ  ᠭᠦᠢᠴᠡᠳᠬᠡᠨ᠎ᠡ︔    ︵ᠠᠷᠪᠠᠨ ᠨᠢᠭᠡ︶ ᠪᠤᠰᠤᠳ ᠬᠠᠯᠮᠠᠰᠢᠯ ᠤᠲᠠᠰᠤᠨ ᠤ ᠠᠵᠢᠯ ᠢ ᠰᠠᠶᠢᠲᠤᠷ ᠬᠢᠨ᠎ᠡ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号