| ᠰᠣᠶᠣᠯ ᠵᠢᠭᠤᠯᠴᠢᠯᠠᠯ ᠤᠨ ᠶᠠᠮᠤᠨ ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ | ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠪᠡ | | ᠣᠳᠣᠬᠠᠨ ᠳᠤ᠂ ᠮᠠᠨ ᠤ ᠤᠯᠤᠰ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠨᠡ ᠬᠦ | ᠬᠤᠭᠤᠴᠠᠭᠠᠨ ᠳᠤ ᠬᠡᠴᠡᠭᠦᠦ ᠠᠭᠤᠷ ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ | ᠥᠷᠭᠡᠨ ᠣᠯᠠᠨ ᠵᠢᠭᠤᠯᠴᠢᠯᠠᠭᠴᠢᠳ ᠲᠤ ᠵᠢᠭᠤᠯᠴᠢᠯᠠᠯ ᠤᠨ ᠲᠠᠯ᠎ᠠ ᠪᠠᠷ ᠬᠢ ᠠᠮᠤᠷ ᠲᠦᠪᠰᠢᠨ ᠢᠶᠠᠨ ᠣᠨᠴᠠ ᠠᠩᠬᠠᠷᠬᠤ ᠶᠢ | ᠰᠠᠨᠠᠭᠤᠯᠪᠠ᠄ ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠩᠬᠠᠷᠤᠨ᠎ᠠ᠃ ᠵᠢᠭᠤᠯᠴᠢᠯᠠᠨ ᠣᠴᠢᠬᠤ ᠭᠠᠵᠠᠷ | ᠵᠢᠴᠢ ᠵᠠᠮ ᠳᠠᠭᠠᠤ ᠶᠢᠨ ᠠᠭᠤᠷ ᠠᠮᠢᠰᠬᠤᠯ ᠤᠨ ᠪᠠᠶᠢᠳᠠᠯ᠂ ᠢᠯᠠᠩᠭᠤᠶ᠎ᠠ ᠴᠠᠭ ᠠᠭᠤᠷ ᠪᠣᠯᠤᠨ ᠭᠠᠵᠠᠷ ᠬᠦᠷᠦᠰᠦᠨ ᠤ | ᠭᠠᠮᠰᠢᠭ ᠤᠨ ᠲᠠᠯ᠎ᠠ ᠪᠠᠷ ᠬᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ ᠪᠠᠨ | ᠵᠣᠬᠢᠰᠲᠠᠶ ᠲᠦᠯᠦᠪᠵᠢᠭᠦᠯᠵᠦ ᠴᠠᠭ ᠲᠤᠬᠠᠶ ᠳᠤ ᠨᠢ ᠵᠣᠬᠢᠴᠠᠭᠤᠯᠬᠤ ᠬᠡᠷᠡᠭᠲᠡᠶ᠃ ᠬᠤᠶᠠᠷ ᠲᠤ᠂ ᠬᠤᠪᠢ ᠪᠡᠶ᠎ᠡ ᠶᠢᠨ ᠠᠮᠤᠷ | ᠲᠦᠪᠰᠢᠨ ᠢᠶᠠᠨ ᠪᠠᠲᠤᠯᠠᠬᠤ ᠠᠵᠢᠯ ᠢ ᠰᠠᠶᠢᠲᠤᠷ ᠬᠢᠨ᠎ᠡ᠃ ᠮᠠᠰᠢᠨ ᠲᠡᠷᠭᠡ ᠵᠢᠯᠣᠭᠤᠳᠬᠤ ᠪᠤᠶᠤ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠳᠤ ᠪᠠᠨ ᠵᠠᠪᠠᠯ ᠠᠶᠤᠯ ᠦᠭᠡᠢ ᠪᠦᠰᠡ ᠶᠢ ᠪᠦᠰᠡᠯᠡᠬᠦ ᠬᠡᠷᠡᠭᠲᠡᠢ᠃ | ᠭᠤᠷᠪᠠ ᠳᠤ᠂ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ ᠲᠤ ᠪᠠᠨ | ᠬᠤᠨᠣᠭᠯᠠᠬᠤ ᠳᠤ ᠭᠠᠯ ᠠᠴᠠ ᠵᠠᠶᠢᠯᠠᠵᠤ ᠵᠢᠭᠤᠲᠠᠬᠤ ᠵᠠᠮ ᠵᠢᠴᠢ ᠣᠷᠣᠨ ᠰᠠᠭᠤᠴᠠ ᠶᠢᠨ ᠡᠷᠬᠢᠨ ᠲᠣᠭᠤᠷᠢᠨ ᠳᠠᠬᠢ ᠠᠮᠤᠷ | ᠲᠦᠪᠰᠢᠨ ᠢᠶᠠᠨ ᠪᠠᠲᠤᠯᠠᠬᠤ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ ᠠᠪᠤᠭᠰᠠᠨ ᠪᠠᠶᠢᠬᠤ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠤᠭ᠍ᠷᠠᠮ ᠤᠨ ︽ᠦᠶᠡᠷ ᠢ | ᠰᠡᠷᠭᠡᠶᠢᠯᠡᠬᠦ ᠦᠢᠯᠡᠴᠢᠯᠡᠭᠡᠨ ᠤ ᠲᠤᠰᠬᠠᠶ ᠪᠣᠯᠣᠩ︾ | ᠦᠶᠡᠷ ᠤᠨ ᠰᠡᠷᠡᠮᠵᠢᠯᠡᠭᠦᠯᠦᠯ᠂ ᠦᠶᠡᠷ ᠤᠨ ᠪᠠᠶᠢᠳᠠᠯ ᠢ ᠮᠡᠳᠡᠭᠡᠯᠡᠨ᠎ᠡ → |