ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨ 2024 ᠣᠨ ᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/9/5
     ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 3 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠤᠸᠠᠩ ᠶᠠᠩ ᠸᠠ ᠪᠠᠯᠭᠠᠰᠤᠨ ᠳᠤ 2024 ᠣᠨ ᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠶᠧ ᠢᠦᠶ ᠵᠤᠸᠠᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ᠂ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠸᠠᠩ ᠸᠧᠨ ᠭᠠᠩ᠂ ᠬᠥᠭᠵᠢᠯᠲᠡ ᠶᠢ ᠠᠬᠢᠭᠤᠯᠬᠤ ᠲᠥᠪ ᠤᠨ ᠠᠵᠢᠯᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠠᠷᠢᠶᠠᠯᠠᠩ ᠤᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠶᠢᠨ ᠪᠣᠶ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃    ᠬᠤᠸᠠᠩ ᠶᠠᠩ ᠸᠠ ᠪᠠᠯᠭᠠᠰᠤ ᠶᠢᠨ ᠬᠠᠰᠢᠶᠠᠲᠤ ᠲᠣᠰᠬᠤᠨ ᠳᠤ᠂ ᠬᠤᠷᠠᠯ ᠳᠤ ᠣᠷᠣᠯᠴᠠᠭᠰᠠᠳ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠵᠥᠪᠯᠡᠯᠭᠡ ᠥᠭᠬᠦ᠂ ᠲᠤᠬᠠᠢ ᠶᠢᠨ ᠲᠠᠯᠠᠪᠤᠷ ᠲᠤ ᠲᠠᠨᠢᠯᠴᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠬᠠᠰᠢᠶᠠᠲᠤ ᠲᠣᠰᠬᠤᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠤᠨ ᠨᠡᠶᠢᠲᠡᠯᠢᠭ ᠲᠤᠷᠰᠢᠯᠭ᠎ᠠ ᠪᠣᠯᠤᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠣᠶᠢᠯᠠᠭᠠᠵᠤ᠂ ᠮᠠᠰᠢ ᠤᠯᠠᠨ ᠠᠰᠢᠭ ᠬᠦᠷᠳᠡᠵᠦ᠂ ᠳᠡᠳᠡᠨᠠᠷ ᠢᠶᠠᠷ ᠯᠠᠪᠯᠠᠯᠲᠠ ᠪᠣᠯᠭᠠᠨ ᠰᠤᠷᠤᠯᠴᠠᠭᠤᠰᠢᠲᠠᠢ ᠭᠡᠵᠦ ᠢᠯᠡᠳᠬᠡᠵᠡᠭᠡᠪᠡ᠃ ᠳᠠᠷᠠᠭ᠎ᠠ ᠨᠢ ᠬᠤᠸᠠᠩ ᠶᠠᠩ ᠸᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠤᠷᠠᠯ  ᠬᠤᠷᠠᠯᠳᠤᠪᠠ᠃    ᠬᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠸᠠᠩ ᠸᠧᠨ ᠭᠠᠩ ᠡᠷᠭᠢᠯᠡᠪᠡ᠃ ᠬᠤᠷᠠᠯ ᠳᠡᠭᠡᠷ᠎ᠡ᠂ ᠬᠤᠸᠠᠩ ᠶᠠᠩ ᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠱᠠᠨ ᠹᠠᠩ ᠹᠠᠩ ︽ᠭᠤᠷᠪᠠᠨ  ᠪᠡᠯᠡ︾ ᠶᠢᠨ ᠬᠠᠮᠢᠶᠠᠷᠤᠯᠲᠠ ᠴᠡᠭᠴᠡᠯᠡᠨ ᠵᠠᠰᠠᠬᠤ ᠠᠵᠢᠯ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠬᠠᠷᠢᠭᠤ ᠮᠡᠳᠡᠭᠦᠯᠵᠦ ᠰᠣᠯᠢᠯᠴᠠᠪᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠠᠷᠤᠭ᠎ᠠ ᠸᠠᠩ ᠸᠧᠨ ᠭᠠᠩ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ᠂ ᠪᠥᠬᠦ ᠤᠯᠤᠰ ᠤᠨ ᠬᠢᠨᠠᠯᠲᠠ ᠲᠠᠯᠪᠢᠬᠤ ᠲᠠᠪᠴᠠᠩ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ᠂ ᠭᠠᠵᠠᠷ ᠰᠢᠷᠣᠶ ᠶᠢᠨ ᠡᠷᠭᠢᠯᠲᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠰᠠᠶᠢᠲᠤᠷ ᠬᠡᠷᠡᠭᠯᠡᠬᠦ ᠠᠵᠢᠯ᠂ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠤᠨ ᠲᠠᠪᠤᠨ ᠲᠠᠯ᠎ᠠ ᠪᠠᠷ ︽ᠭᠤᠷᠪᠠᠨ ᠪᠡᠯᠡ︾ ᠶᠢᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠭᠠᠴᠠᠭ᠎ᠠ ᠲᠣᠰᠬᠤᠨ ᠤ ᠬᠠᠮᠲᠤ ᠶᠢᠨ  ᠪᠡᠯᠡ ᠶᠢ ᠬᠠᠷᠭᠤᠭᠤᠯᠤᠨ ᠪᠠᠶᠢᠴᠠᠭᠠᠵᠤ ᠢᠯᠭᠠᠷᠠᠭᠤᠯᠬᠤ ᠪᠠ ᠵᠢᠷᠤᠮᠵᠢᠭᠤᠯᠤᠨ ᠳᠡᠩᠰᠡᠯᠡᠨ ᠡᠮᠬᠢᠯᠡᠬᠦ ᠠᠵᠢᠯ᠂ 2024 ᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠬᠡᠳᠦᠨ ᠵᠦᠢᠯ ᠤᠨ ᠠᠵᠢᠯ ᠤᠨ ᠲᠣᠭᠤᠷᠢᠨ ᠳᠤ ᠭᠤᠤᠯᠳᠠᠯᠭ᠎ᠠ ᠲᠠᠢ ᠴᠢᠬᠤᠯᠠᠴᠢᠯᠠᠭᠰᠠᠨ ᠪᠠᠶᠢᠨ᠎ᠠ︔ ᠬᠠᠮᠤᠭ ᠰᠡᠭᠦᠯ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠶᠧ ᠢᠦᠶ ᠵᠤᠸᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃    ᠲᠣᠰ ᠤᠳᠠᠭᠠᠨ ᠤ ᠬᠤᠷᠠᠯ ᠨᠢ ᠲᠤᠬᠠᠶ ᠶᠢᠨ ᠲᠠᠯᠠᠪᠤᠷ ᠲᠤ ᠰᠤᠷᠤᠯᠴᠠᠬᠤ᠂ ᠨᠡᠶᠢᠲᠡᠯᠢᠭ ᠵᠢᠱᠢᠶ᠎ᠡ ᠶᠢ ᠰᠣᠯᠢᠯᠴᠠᠬᠤ᠂ ᠲᠣᠬᠢᠷᠠᠭᠤᠯᠤᠨ ᠪᠠᠶᠢᠷᠢᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠴᠡᠭᠴᠡᠯᠡᠨ ᠵᠠᠰᠠᠭᠰᠠᠨ ᠲᠤᠷᠰᠢᠯᠭ᠎ᠠ ᠪᠠ ᠠᠷᠭ᠎ᠠ ᠬᠢᠳᠡᠯ ᠢ ᠬᠠᠷᠢᠯᠴᠠᠨ ᠯᠠᠪᠯᠠᠯᠲᠠ ᠪᠣᠯᠭᠠᠵᠤ ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠵᠢᠴᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠷᠡᠭᠦᠯ ᠢᠶᠠᠷ ᠲᠦᠷᠭᠡᠨ ᠬᠥᠭᠵᠢᠬᠦ ᠶᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠳᠤ ᠪᠠᠲᠤᠯᠠᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠱᠠᠯᠠᠪᠳᠠᠭᠤᠯᠤᠨ ᠵᠢᠯᠣᠭᠤᠳᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号