ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠤᠬᠠᠨ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠬᠤᠳᠠᠯᠳᠤᠭᠠᠨ ᠤ ᠪᠡᠯᠡ ᠣᠷᠣᠭᠤᠯᠤᠯᠲᠠ ᠶᠢᠨ ᠲᠣᠪᠴᠢᠶ᠎ᠠ ᠬᠤᠷᠠᠯ ᠤᠨ ᠭᠡᠷ ᠲᠤ ᠠᠤᠬᠠᠨ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠣᠯᠢᠯᠴᠠᠭᠠᠨ ᠤ ᠶᠠᠷᠢᠯᠴᠠᠬᠤ ᠬᠤᠷᠠᠯ  ᠬᠤᠷᠠᠯᠳᠤᠵᠤ᠂ ᠪᠥᠬᠦ ᠬᠤᠰᠢᠭᠤᠨ ᠤ 11 ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠬᠤᠷᠠᠯ ᠳᠤ ᠣᠷᠣᠯᠴᠠᠪᠠ᠃ ᠲᠣᠰ ᠤᠳᠠᠭᠠᠨ ᠤ ᠶᠠᠷᠢᠯᠴᠠᠬᠤ ᠬᠤᠷᠠᠯ ᠨᠢ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠴᠢᠭᠯᠡᠯ ᠤᠨ ᠬᠡᠷᠡᠭᠴᠡᠭᠡ ᠵᠢᠴᠢ ᠰᠠᠨᠠᠭᠤᠯᠭ᠎ᠠ ᠶᠢ ᠣᠶᠢᠯᠠᠭᠠᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠠᠤᠬᠠᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃    ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ  ᠠᠷᠠᠯᠵᠢᠶ᠎ᠠ ᠬᠤᠳᠠᠯᠳᠤᠭᠠᠨ ᠤ ᠪᠡᠯᠡ ᠣᠷᠣᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠡᠩ ᠲᠡᠷᠢᠭᠦᠨ ᠳᠤ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢᠳ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠡᠯ᠎ᠡ ᠠᠵᠤ ᠠᠬᠤᠶᠢᠯᠠᠯ ᠤᠨ ᠣᠷᠳᠣ ᠬᠤᠭᠤᠴᠠᠭᠠᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠣᠰ ᠤᠳᠠᠭᠠᠨ ᠤ ᠶᠠᠷᠢᠯᠴᠠᠬᠤ ᠬᠤᠷᠠᠯ ᠤᠨ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠬᠠᠷᠠᠭᠤᠯᠪᠠ᠃ ᠳᠠᠷᠠᠭ᠎ᠠ ᠨᠢ᠂ ᠡᠯ᠎ᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠤᠨ ᠣᠳᠣᠬᠠᠨ ᠤ ᠪᠣᠷᠣᠯᠠᠭᠤᠯᠭ᠎ᠠ ᠶᠢᠨ ᠵᠠᠭᠪᠤᠷ᠂ ᠪᠠᠷᠠᠭᠠᠨ ᠤ ᠭᠦᠢᠯᠭᠡᠭᠡᠨ ᠤ ᠲᠠᠯ᠎ᠠ ᠶᠢᠨ ᠬᠡᠷᠡᠭᠴᠡᠭᠡ ᠵᠢᠴᠢ ᠰᠠᠨᠠᠭᠤᠯᠭ᠎ᠠ ᠶᠢᠨ ᠲᠤᠬᠠᠶ ᠰᠦᠯᠵᠢᠶᠡᠨ ᠳᠡᠭᠡᠷ᠎ᠡ ᠪᠣᠷᠣᠯᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠶᠠᠷᠢᠶ᠎ᠠ ᠲᠠᠯᠪᠢᠪᠠ᠃ ᠲᠣᠰ ᠤᠳᠠᠭᠠᠨ ᠤ ᠶᠠᠷᠢᠯᠴᠠᠬᠤ ᠬᠤᠷᠠᠯ ᠤᠨ ᠡᠯ᠎ᠡ ᠠᠵᠤ ᠠᠬᠤᠶᠢᠯᠠᠯ ᠬᠠᠷᠢᠯᠴᠠᠨ ᠰᠤᠷᠤᠯᠴᠠᠵᠤ᠂ ᠲᠤᠷᠰᠢᠯᠭ᠎ᠠ ᠪᠠᠨ ᠰᠣᠯᠢᠯᠴᠠᠵᠤ᠂ ᠰᠠᠶᠢᠨ ᠰᠠᠶᠢᠬᠠᠨ ᠪᠣᠳᠠᠲᠤ ᠦᠷ᠎ᠡ ᠪᠦᠲᠦᠮᠵᠢ ᠤᠯᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠳᠠᠯᠳᠤᠭᠠᠨ ᠤ ᠪᠠᠯᠠ ᠣᠷᠣᠭᠤᠯᠤᠯᠲᠠ ᠶᠢᠨ ᠲᠣᠪᠴᠢᠶ᠎ᠠ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠣᠶᠢᠯᠠᠭᠠᠵᠤ᠂ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠰᠠᠭᠤᠳᠠᠯ ᠢ ᠭᠦᠨᠵᠡᠭᠡᠶ ᠰᠤᠳᠤᠯᠵᠤ᠂ ᠣᠳᠣᠬᠠᠨ ᠳᠤ ᠲᠤᠯᠭᠠᠷᠠᠭᠰᠠᠨ ᠬᠦᠴᠢᠷᠳᠡᠯ ᠪᠠ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠥᠭᠴᠦ᠂ ᠠᠤᠬᠠᠨ ᠬᠤᠰᠢᠭᠤᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ  ᠶᠢ ᠠᠬᠢᠭᠤᠯᠤᠨ᠎ᠠ ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号