ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ  ᠬᠢᠨ᠎ᠡ
ᠨᠡᠶᠢᠲᠡᠯᠡᠭᠰᠡᠨ ᠴᠠᠭ᠄
2024/9/5
      ᠪᠦᠬᠦ ᠠᠷᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠣᠯᠪᠠᠰᠤᠷᠠᠯ ᠤᠨ ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠪᠣᠯᠪᠠᠰᠤᠷᠠᠯ ᠠᠴᠠ ᠡᠮᠦᠨ᠎ᠡ᠂ ᠪᠣᠯᠪᠠᠰᠤᠷᠠᠯ ᠤᠨ ᠳᠤᠮᠳᠠ᠂ ᠪᠣᠯᠪᠠᠰᠤᠷᠠᠯ ᠤᠨ ᠳᠠᠷᠠᠭᠠᠬᠢ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠨ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃    ᠪᠣᠯᠪᠠᠰᠤᠷᠠᠯ ᠢ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠰᠡᠷᠭᠦ ᠲᠠᠯ᠎ᠠ ᠳᠤᠨᠢ ᠨᠡᠶᠢᠭᠡᠮ ᠨᠡᠶᠢᠲᠡ ᠳᠤ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠯ ᠤᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠭᠦᠨᠵᠡᠭᠡᠶ ᠰᠢᠨᠵᠢᠯᠡᠨ ᠪᠠᠶᠢᠴᠠᠭᠠᠵᠤ ᠦᠨᠡᠯᠡᠨ ᠵᠢᠱᠢᠵᠦ᠂ ᠪᠣᠯᠪᠠᠰᠤᠷᠠᠯ ᠤᠨ ᠲᠠᠯᠠᠪᠤᠷ᠂ ᠪᠡᠯᠡᠳᠬᠡᠮᠵᠢ ᠲᠥᠬᠦᠭᠡᠷᠦᠮᠵᠢ ᠪᠠ ᠪᠠᠭᠰᠢ ᠶᠢᠨ ᠬᠦᠴᠦᠨ ᠢ ᠬᠢᠨᠠᠨ ᠬᠠᠷᠭᠤᠭᠤᠯᠵᠤ᠂ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠦᠨᠡᠨᠴᠢ ᠢᠲᠡᠭᠡᠮᠵᠢᠲᠡᠶ ᠪᠥᠭᠡᠳ ᠵᠢᠷᠤᠮᠵᠢᠭᠤᠨ᠂ ᠵᠣᠬᠢᠴᠠᠩᠭᠤᠶ ᠨᠥᠬᠦᠴᠡᠯ ᠢ ᠪᠦᠷᠢᠯᠳᠦᠭᠦᠯᠦᠭᠰᠡᠨ ᠪᠣᠯᠪᠠᠰᠤᠷᠠᠯ ᠤᠨ ᠪᠠᠶᠢᠭᠤᠯᠤᠮᠵᠢ ᠶᠢ ᠰᠢᠯᠢᠨ ᠰᠣᠩᠭᠤᠵᠤ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠶᠢᠨ ᠬᠠᠮᠲᠤ ᠢᠯᠡ ᠨᠡᠶᠢᠲᠡᠯᠡᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠲᠠ ᠶᠢ  ᠬᠦᠯᠢᠶᠡᠨ᠎ᠡ᠃    ᠠᠩᠭᠢ ᠡᠬᠢᠯᠡᠬᠦ ᠶᠢ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠣᠯᠪᠠᠰᠤᠷᠠᠯ ᠤᠨ ᠪᠠᠶᠢᠭᠤᠯᠤᠮᠵᠢ ᠰᠤᠷᠤᠯᠭ᠎ᠠ ᠡᠬᠢᠯᠡᠬᠦ ᠠᠴᠠ ᠡᠮᠦᠨ᠎ᠡ ᠪᠣᠯᠪᠠᠰᠤᠷᠠᠯ ᠤᠨ ᠲᠥᠯᠥᠪᠯᠡᠭᠡ᠂ ᠬᠢᠴᠢᠶᠡᠯ ᠤᠨ ᠲᠣᠬᠢᠷᠠᠭᠤᠯᠤᠯᠲᠠ ᠂ ᠦᠨᠡᠯᠡᠬᠦ ᠲᠥᠰᠦᠯ ᠵᠡᠷᠭᠡ ᠮᠠᠲ᠋ᠧᠷᠢᠶᠠᠯ ᠢᠶᠠᠨ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠤᠰᠢᠶᠠᠵᠤ᠂ ᠬᠢᠨᠠᠨ ᠬᠠᠷᠭᠤᠭᠤᠯᠵᠤ ᠳᠠᠩᠰᠠᠯᠠᠭᠰᠠᠨ ᠤ ᠳᠠᠷᠠᠭ᠎ᠠ ᠰᠠᠶ᠋ᠢ ᠪᠣᠯᠪᠠᠰᠤᠷᠠᠯ ᠥᠷᠨᠢᠭᠦᠯᠵᠦ ᠪᠣᠯᠤᠨ᠎ᠠ ᠭᠡᠵᠦ ᠱᠠᠭᠠᠷᠳᠠᠪᠠ᠃    ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ ᠪᠣᠯᠪᠠᠰᠤᠷᠠᠯ ᠤᠨ ᠶᠠᠰᠤ ᠴᠢᠨᠠᠷ ᠢ ᠪᠠᠲᠤᠯᠠᠨ᠎ᠠ᠃ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠤᠨ ᠵᠢᠷᠤᠮᠵᠢᠯ᠂ ᠯᠠᠪᠳᠠᠭᠤᠨ ᠪᠠᠲᠤᠲᠠᠶ᠂ ᠪᠦᠲᠦᠮᠵᠢᠲᠡᠶ ᠪᠠᠶᠢᠬᠤ ᠶᠢ ᠦᠨᠡᠨᠬᠦ  ᠪᠠᠲᠤᠯᠠᠨ᠎ᠠ᠃ ᠲᠤᠬᠠᠶ ᠶᠢᠨ ᠭᠠᠵᠠᠷ ᠲᠤᠨᠢ ᠪᠠᠶᠢᠴᠠᠭᠠᠬᠤ ᠪᠠ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠵᠤ ᠂  ᠬᠡᠯᠪᠡᠷᠢᠴᠢ ᠦᠵᠡᠯ᠂ ᠬᠤᠳᠠᠯ ᠬᠡᠯᠡᠵᠦ ᠬᠠᠭᠤᠷᠮᠠᠭᠯᠠᠨ ᠦᠢᠯᠡᠳᠬᠦ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠥᠳᠡᠯᠮᠦᠷᠢᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠠᠵᠢᠯ ᠣᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号