ᠪᠦᠬᠦ ᠠᠷᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠨᠬᠦ | ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠨ ᠬᠠᠮᠢᠶᠠᠷᠬᠤ ᠠᠵᠢᠯ ᠢ | ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠪᠣᠯᠪᠠᠰᠤᠷᠠᠯ ᠠᠴᠠ ᠡᠮᠦᠨ᠎ᠡ᠂ ᠪᠣᠯᠪᠠᠰᠤᠷᠠᠯ ᠤᠨ | ᠳᠤᠮᠳᠠ᠂ ᠪᠣᠯᠪᠠᠰᠤᠷᠠᠯ ᠤᠨ ᠳᠠᠷᠠᠭᠠᠬᠢ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ | ᠠᠳᠬᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠨ ᠬᠠᠮᠢᠶᠠᠷᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠪᠡ᠃ | ᠪᠣᠯᠪᠠᠰᠤᠷᠠᠯ ᠢ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠰᠡᠷᠭᠦ ᠲᠠᠯ᠎ᠠ ᠳᠤᠨᠢ ᠨᠡᠶᠢᠭᠡᠮ ᠨᠡᠶᠢᠲᠡ ᠳᠤ | ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠯ ᠤᠨ ᠮᠡᠷᠭᠡᠵᠢᠯ ᠤᠨ ᠠᠵᠢᠯᠴᠢᠨ ᠤ | ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠬᠢᠷᠢ ᠬᠡᠮ ᠤᠨ | ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠭᠦᠨᠵᠡᠭᠡᠶ ᠰᠢᠨᠵᠢᠯᠡᠨ ᠪᠠᠶᠢᠴᠠᠭᠠᠵᠤ ᠦᠨᠡᠯᠡᠨ | ᠵᠢᠱᠢᠵᠦ᠂ ᠪᠣᠯᠪᠠᠰᠤᠷᠠᠯ ᠤᠨ ᠲᠠᠯᠠᠪᠤᠷ᠂ ᠪᠡᠯᠡᠳᠬᠡᠮᠵᠢ ᠲᠥᠬᠦᠭᠡᠷᠦᠮᠵᠢ ᠪᠠ ᠪᠠᠭᠰᠢ ᠶᠢᠨ ᠬᠦᠴᠦᠨ ᠢ ᠬᠢᠨᠠᠨ | ᠬᠠᠷᠭᠤᠭᠤᠯᠵᠤ᠂ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠦᠨᠡᠨᠴᠢ ᠢᠲᠡᠭᠡᠮᠵᠢᠲᠡᠶ | ᠪᠥᠭᠡᠳ ᠵᠢᠷᠤᠮᠵᠢᠭᠤᠨ᠂ ᠵᠣᠬᠢᠴᠠᠩᠭᠤᠶ ᠨᠥᠬᠦᠴᠡᠯ ᠢ ᠪᠦᠷᠢᠯᠳᠦᠭᠦᠯᠦᠭᠰᠡᠨ ᠪᠣᠯᠪᠠᠰᠤᠷᠠᠯ ᠤᠨ ᠪᠠᠶᠢᠭᠤᠯᠤᠮᠵᠢ ᠶᠢ | ᠰᠢᠯᠢᠨ ᠰᠣᠩᠭᠤᠵᠤ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠶᠢᠨ ᠬᠠᠮᠲᠤ | ᠢᠯᠡ ᠨᠡᠶᠢᠲᠡᠯᠡᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ᠠᠩᠭᠢ ᠡᠬᠢᠯᠡᠬᠦ ᠶᠢ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠣᠯᠪᠠᠰᠤᠷᠠᠯ ᠤᠨ | ᠪᠠᠶᠢᠭᠤᠯᠤᠮᠵᠢ ᠰᠤᠷᠤᠯᠭ᠎ᠠ ᠡᠬᠢᠯᠡᠬᠦ ᠠᠴᠠ ᠡᠮᠦᠨ᠎ᠡ ᠪᠣᠯᠪᠠᠰᠤᠷᠠᠯ ᠤᠨ ᠲᠥᠯᠥᠪᠯᠡᠭᠡ᠂ ᠬᠢᠴᠢᠶᠡᠯ ᠤᠨ ᠲᠣᠬᠢᠷᠠᠭᠤᠯᠤᠯᠲᠠ ᠂ | ᠦᠨᠡᠯᠡᠬᠦ ᠲᠥᠰᠦᠯ ᠵᠡᠷᠭᠡ ᠮᠠᠲ᠋ᠧᠷᠢᠶᠠᠯ ᠢᠶᠠᠨ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠤᠰᠢᠶᠠᠵᠤ᠂ ᠬᠢᠨᠠᠨ ᠬᠠᠷᠭᠤᠭᠤᠯᠵᠤ ᠳᠠᠩᠰᠠᠯᠠᠭᠰᠠᠨ ᠤ | ᠳᠠᠷᠠᠭ᠎ᠠ ᠰᠠᠶ᠋ᠢ ᠪᠣᠯᠪᠠᠰᠤᠷᠠᠯ ᠥᠷᠨᠢᠭᠦᠯᠵᠦ ᠪᠣᠯᠤᠨ᠎ᠠ ᠭᠡᠵᠦ ᠱᠠᠭᠠᠷᠳᠠᠪᠠ᠃ | ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ ᠪᠣᠯᠪᠠᠰᠤᠷᠠᠯ ᠤᠨ ᠶᠠᠰᠤ ᠴᠢᠨᠠᠷ ᠢ ᠪᠠᠲᠤᠯᠠᠨ᠎ᠠ᠃ ᠨᠥᠬᠦᠪᠥᠷᠢ ᠶᠢᠨ | ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ | ᠪᠠᠶᠢᠭᠠᠳ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠤᠨ | ᠵᠢᠷᠤᠮᠵᠢᠯ᠂ ᠯᠠᠪᠳᠠᠭᠤᠨ ᠪᠠᠲᠤᠲᠠᠶ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ ᠲᠤᠬᠠᠶ ᠶᠢᠨ ᠭᠠᠵᠠᠷ ᠲᠤᠨᠢ | ᠪᠠᠶᠢᠴᠠᠭᠠᠬᠤ ᠪᠠ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠵᠤ ᠂ | ᠬᠡᠯᠪᠡᠷᠢᠴᠢ ᠦᠵᠡᠯ᠂ ᠬᠤᠳᠠᠯ ᠬᠡᠯᠡᠵᠦ ᠬᠠᠭᠤᠷᠮᠠᠭᠯᠠᠨ ᠦᠢᠯᠡᠳᠬᠦ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠡᠷᠡᠰ | ᠬᠤᠷᠢᠭᠯᠠᠵᠤ᠂ ᠬᠥᠳᠡᠯᠮᠦᠷᠢᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠦᠨ᠂ ᠠᠵᠢᠯ ᠣᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | | |