ᠴᠠᠩ ᠱᠧᠩ ᠪᠠᠯᠭᠠᠰᠤ ᠶᠢᠨ ᠴᠢᠩ ᠾᠧ ᠲᠣᠰᠬᠤᠨ ᠤ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2024/9/6
    ᠣᠶᠢᠯᠠᠭᠠᠭᠰᠠᠨ ᠢᠶᠠᠷ᠂ ᠴᠠᠩ ᠱᠧᠩ ᠪᠠᠯᠭᠠᠰᠤᠨ ᠤ ᠥᠨᠳᠡᠭᠡᠨ ᠳᠠᠬᠢᠶ᠎ᠠ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 56.59 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 4500 ᠲᠦᠮᠡᠨ ᠲᠥᠭᠦᠷᠢᠭ ᠪᠣᠯᠤᠨ᠎ᠠ᠃ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1300 ᠲᠦᠮᠡᠨ ᠲᠥᠭᠦᠷᠢᠭ᠂ ᠪᠠᠷᠢᠮᠵᠢᠶᠠᠵᠢᠭᠰᠠᠨ ᠥᠨᠳᠡᠭᠡᠨ ᠬᠠᠰᠢᠶ᠎ᠠ 2 ᠪᠠᠶᠢᠭᠤᠯᠵᠤ᠂ ᠲᠠᠯᠠᠪᠠᠢ ᠨᠢ 3522.6 ᠲᠡᠭᠰᠢ ᠳᠥᠷᠪᠡᠯᠵᠢᠨ ᠮᠧᠲᠷ᠂ ᠢᠵᠢ ᠪᠦᠷᠢᠳᠦᠭᠦᠯᠦᠨ ᠪᠠᠶᠢᠭᠤᠯᠬᠤ ᠠᠯᠪᠠᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ 325.78 ᠲᠡᠭᠰᠢ ᠳᠥᠷᠪᠡᠯᠵᠢᠨ ᠮᠧᠲᠷ᠂ ᠥᠨᠳᠡᠭᠡᠨ ᠬᠥᠮᠥᠷᠭᠡ᠂  ᠬᠦᠴᠢᠯᠳᠦ᠋ᠷᠦᠭᠴᠢᠲᠦ ᠣᠪᠣᠭᠠᠯᠠᠬᠤ ᠪᠠᠭᠠᠰᠤᠨ ᠲᠠᠰᠤᠭ 799.34 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠤ ᠬᠠᠮᠲᠤ ᠪᠣᠬᠢᠷ ᠤᠰᠤ ᠶᠢ ᠲᠦᠷ ᠬᠠᠳᠠᠭᠠᠯᠠᠬᠤ ᠴᠥᠭᠦᠷᠥᠮ᠂ ᠠᠶᠤᠯᠲᠠᠢ ᠪᠣᠳᠠᠰ ᠢ ᠲᠦᠷ ᠬᠠᠳᠠᠭᠠᠯᠠᠬᠤ ᠲᠠᠰᠤᠭ᠂ ᠠᠷᠢᠭᠤᠳᠬᠠᠬᠤ ᠲᠠᠰᠤᠭ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠲᠠᠰᠤᠯᠭ᠎ᠠ ᠶᠢ ᠲᠣᠬᠢᠷᠠᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ ᠪᠠᠷᠤᠭ 20 ᠲᠦᠮᠡᠨ ᠥᠨᠳᠡᠭᠡᠨ ᠲᠠᠬᠢᠶ᠎ᠠ ᠲᠡᠵᠢᠭᠡᠵᠤ  ᠪᠣᠯᠤᠨ᠎ᠠ᠃    ᠲᠣᠰ ᠲᠥᠷᠥᠯ ᠵᠦᠢᠯ ᠳᠤ ︽ᠪᠦᠬᠦᠨ ᠢ ᠣᠷᠣᠭᠤᠯᠵᠤ ᠪᠦᠬᠦᠨ ᠢ ᠭᠠᠷᠭᠠᠬᠤ︾ ᠬᠡᠯᠪᠡᠷᠢ ᠪᠠᠷ ᠲᠡᠵᠢᠭᠡᠨ ᠠᠷᠠᠴᠢᠯᠠᠵᠤ᠂ ᠪᠦᠷᠢᠨ ᠠᠦ᠋ᠲ᠋ᠣ᠋ ᠮᠧᠬᠠᠨᠢᠭᠵᠢᠯᠲᠠ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠎ᠡ᠃ ᠲᠠᠯᠠᠪᠠᠶ ᠶᠢᠨ ᠳᠣᠲᠣᠨ᠎ᠠ ᠭᠠᠳᠠᠨ᠎ᠠ 17 ᠭᠠᠷᠠᠭ ᠤᠨ ᠴᠤᠷᠪᠠᠭ᠎ᠠ ᠬᠤᠳᠠᠯᠳᠤᠨ ᠠᠪᠴᠤ ᠠᠷᠠᠴᠢᠯᠠᠨ ᠲᠡᠵᠢᠭᠡᠵᠦ᠂ 63 ᠭᠠᠷᠠᠭ ᠤᠨ ᠬᠤᠭᠤᠴᠠᠭᠠᠨ ᠳᠤ ᠥᠨᠳᠡᠭᠡᠯᠡᠬᠦ ᠬᠤᠭᠤᠴᠠᠭ᠎ᠠ ᠥᠩᠭᠡᠷᠡᠭᠡᠭᠰᠡᠨ ᠤ ᠳᠠᠷᠠᠭ᠎ᠠ ᠭᠠᠳᠠᠭᠰᠢ ᠬᠤᠳᠠᠯᠳᠤᠳᠠᠭ᠃ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯ᠎ᠠ ᠪᠠᠷ᠂ ᠬᠠᠭᠤᠷᠠᠢ ᠢᠯᠭᠠᠳᠠᠰᠤ ᠶᠢ ᠴᠡᠪᠡᠷᠯᠡᠬᠦ ᠬᠡᠯᠪᠡᠷᠢ ᠶᠢ ᠠᠪᠴᠤ᠂ ᠪᠦᠰᠡ ᠪᠠᠷ ᠲᠠᠬᠢᠶᠠᠨ ᠤ ᠬᠠᠰᠢᠶ᠎ᠠ ᠶᠢᠨ ᠭᠠᠳᠠᠨ᠎ᠠ ᠨᠢᠭᠲᠠ ᠵᠥᠭᠡᠭᠡᠪᠦᠷᠢᠯᠡᠬᠦ ᠲᠡᠷᠭᠡ ᠬᠥᠰᠬᠡ ᠶᠢ ᠬᠡᠷᠡᠭᠯᠡᠨ ᠪᠣᠷᠳᠣᠭᠤᠷ ᠣᠪᠣᠭᠠᠯᠠᠬᠤ ᠲᠠᠰᠤᠯᠭ᠎ᠠ ᠳᠤ ᠲᠡᠭᠡᠭᠡᠪᠦᠷᠢᠯᠡᠨ ᠲᠠᠷᠢᠶᠠᠯᠠᠩ ᠤᠨ ᠪᠣᠷᠳᠣᠭᠤᠷ ᠵᠣᠬᠢᠶᠠᠵᠤ᠂ ᠡᠷᠭᠢᠨ ᠲᠣᠭᠤᠷᠢᠨ ᠤ ᠲᠠᠷᠢᠶᠠᠨ ᠭᠠᠵᠠᠷ ᠲᠤ ᠪᠣᠷᠳᠣᠭᠤᠷ ᠣᠷᠣᠭᠤᠯᠵᠤ᠂ ᠲᠠᠬᠢᠶᠠᠨ ᠤ ᠡᠭᠦᠷ ᠠᠴᠠ ᠪᠣᠬᠢᠷ ᠤᠰᠤ ᠶᠢ ᠴᠡᠪᠡᠷᠯᠡᠵᠦ ᠪᠣᠬᠢᠷ ᠤᠰᠤ ᠶᠢ ᠲᠦᠷ ᠬᠠᠳᠠᠭᠠᠯᠠᠬᠤ ᠴᠥᠭᠦᠷᠥᠮ ᠳᠤ ᠴᠤᠭᠯᠠᠭᠤᠯᠵᠤ᠂ ᠪᠠᠭᠠᠰᠤᠨ ᠪᠣᠬᠢᠷᠲᠤᠯ ᠢ ᠬᠤᠤᠷ ᠦᠭᠡᠢ ᠪᠣᠯᠭᠠᠨ ᠰᠢᠢᠳᠪᠦᠷᠢᠯᠡᠭᠰᠡᠨ ᠤ ᠳᠠᠷᠠᠭ᠎ᠠ ᠡᠬᠢ  ᠪᠠᠶᠠᠯᠢᠭ ᠪᠣᠯᠭᠠᠨ ᠠᠰᠢᠭᠯᠠᠬᠤ ᠶᠢ ᠪᠡᠶᠡᠯᠡᠭᠦᠯᠵᠦ᠂ ᠡᠴᠦᠰ ᠲᠡᠭᠡᠨ ᠪᠠᠭᠠᠰᠤᠨ ᠪᠣᠬᠢᠷᠲᠤᠯ ᠢ ︽ᠲᠡᠭ ᠭᠠᠳᠠᠭᠰᠢᠯᠠᠭᠤᠯᠬᠤ ︾ ᠳᠤ  ᠬᠦᠷᠦᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠴᠠᠩ ᠱᠧᠩ ᠪᠠᠯᠭᠠᠰᠤ ᠦᠷᠭᠦᠯᠵᠢᠯᠡᠨ ᠦᠢᠯᠡᠴᠢᠯᠡᠭᠡᠨ ᠤ ᠵᠣᠬᠢᠴᠠᠭᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠵᠠᠷ ᠲᠤ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠭᠡᠬᠦ︾ ᠶᠢ ᠠᠬᠢᠭᠤᠯᠵᠤ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠡᠷᠲᠡᠬᠡᠨ ᠦᠢᠯᠡᠳᠪᠦᠷᠢᠯᠡᠯ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠ ᠲᠣᠰᠬᠤᠨ ᠤ ᠱᠠᠲᠤᠨ ᠤ ᠬᠠᠮᠲᠤ ᠶᠢᠨ ᠬᠤᠣᠰ ᠠᠮᠵᠢᠯᠲᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号