ᠵᠧᠨ ᠰᠢᠩ ᠨᠡᠶᠢᠭᠡᠮ ᠲᠣᠭᠤᠷᠢᠭ᠄ ︽ᠭᠤᠷᠪᠠᠨ ᠵᠦᠢᠯ ᠤᠨ ᠵᠠᠭᠪᠤᠷ︾ ᠢᠶᠠᠷ ᠵᠠᠯᠠᠭᠤᠴᠤᠳ ᠪᠠᠭᠠᠴᠤᠳ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ  ᠨᠡᠮᠡᠷᠢᠯᠡᠨ᠎ᠡ
ᠨᠡᠶᠢᠲᠡᠯᠡᠭᠰᠡᠨ ᠴᠠᠭ᠄
2024/9/6
      2024 ᠣᠨ ᠳᠤ ᠾᠦᠢ ᠵᠧᠦ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠤᠨ ᠵᠧᠨ ᠰᠢᠩ ᠨᠡᠶᠢᠭᠡᠮ ᠲᠣᠭᠤᠷᠢᠭ ︽ᠡᠪᠦᠭᠡ ᠡᠮᠡᠭᠡ ᠶᠢᠨ ᠨᠢᠭᠡ ᠬᠢᠴᠢᠶᠡᠯ︾ ᠢᠶᠠᠷ ᠠᠴᠢᠶᠠᠯᠠᠪᠤᠷᠢ ᠪᠣᠯᠭᠠᠵᠤ᠂ ︽ᠠᠬᠠᠮᠠᠳ ᠢᠶᠠᠷ ᠰᠢᠨ᠎ᠡ ᠶᠢ ᠳᠠᠶᠢᠴᠢᠯᠠᠬᠤ᠂ ᠠᠬᠠᠮᠠᠳ ᠢᠶᠠᠷ ᠰᠢᠨ᠎ᠡ ᠶᠢ ᠬᠥᠮᠦᠵᠢᠭᠦᠯᠬᠦ ᠪᠠ ᠠᠬᠠᠮᠠᠳ ᠢᠶᠠᠷ ᠰᠢᠨ᠎ᠡ ᠶᠢ ᠠᠬᠢᠭᠤᠯᠬᠤ︾ ᠵᠠᠭᠪᠤᠷ ᠢ ᠳᠣᠪᠤᠶᠢᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃    ︽ᠠᠬᠠᠮᠠᠳ ᠢᠶᠠᠷ ᠰᠢᠨ᠎ᠡ ᠶᠢ ᠳᠠᠶᠢᠴᠢᠯᠠᠬᠤ︾ ᠬᠡᠪ ᠵᠠᠭᠪᠤᠷ᠃ ᠨᠡᠶᠢᠭᠡᠮ ᠲᠣᠭᠤᠷᠢᠭ ᠠᠴᠠ 18 ︽ᠲᠠᠪᠤᠨ ᠠᠬᠠᠮᠠᠳ︾ ᠪᠠ 9 ︽ᠶᠣᠰᠣ ᠰᠤᠷᠲᠠᠬᠤᠨ ᠤ ᠵᠢᠱᠢᠶᠡᠴᠢ︾ ᠶᠢ ᠵᠣᠬᠢᠶᠠᠨ ᠪᠠᠶᠢᠭᠤᠯᠵᠤ᠂ ᠨᠠᠮᠴᠢ ᠴᠢᠨᠠᠷ ᠢᠶᠠᠷ ᠥᠨᠳᠥᠷ᠂ ᠬᠡᠪ ᠴᠢᠨᠠᠷ ᠢᠶᠠᠷ ᠰᠢᠯᠢᠳᠡᠭ᠂ ᠴᠢᠳᠠᠪᠤᠷᠢ ᠪᠠᠷ ᠴᠢᠩᠭ᠎ᠠ ︽ᠡᠪᠦᠭᠡ ᠡᠮᠡᠭᠡ ᠶᠢᠨ ᠡᠩᠨᠡᠭᠡ︾ ᠶᠢ ᠬᠠᠮᠲᠤ ᠪᠠᠷ ᠵᠣᠬᠢᠶᠠᠨ ᠪᠠᠶᠢᠭᠤᠯᠵᠤ᠂ ᠡᠳᠡᠭᠡᠷ ᠡᠪᠦᠭᠡ ᠡᠮᠡᠭᠡ ᠨᠢ ᠰᠢᠨ᠎ᠡ ᠬᠦᠴᠦᠨ ᠳᠤ ᠵᠥᠪ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠳᠠᠮᠵᠢᠭᠤᠯᠵᠠᠢ᠃ ᠵᠢᠱᠢᠶᠡᠯᠡᠪᠡᠯ ᠡᠪᠦᠭᠡ ᠡᠮᠡᠭᠡ ᠶᠢᠨ ᠡᠩᠨᠡᠭᠡᠨ ᠤ ᠲᠢᠶᠠᠨ ᠾᠦᠢ ᠯᠢᠶᠠᠨ ᠪᠠᠭᠰᠢ᠂ ᠲᠡᠷᠡ ᠪᠣᠯ ᠴᠠᠭᠠᠰᠤᠨ ᠬᠠᠶᠢᠴᠢᠯᠠᠮᠠᠯ ᠤᠨ ᠰᠣᠶᠣᠯ ᠤᠨ ᠬᠤᠲᠠ ᠶᠢᠨ ᠲᠡᠰ ᠤᠨ ᠤᠳᠤᠮᠰᠢᠯ ᠤᠨ ᠪᠤᠰᠤ ᠵᠠᠯᠭᠠᠮᠵᠢᠯᠠᠭᠴᠢ᠂ ᠲᠡᠷᠡ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠨᠡᠶᠢᠭᠡᠮ ᠲᠣᠭᠤᠷᠢᠭ ᠲᠤ ᠬᠡᠦᠬᠡᠳ ᠤᠳ ᠲᠤ ᠴᠠᠭᠠᠰᠤᠨ ᠬᠠᠶᠢᠴᠢᠯᠠᠮᠠᠯ ᠢ ᠵᠢᠭᠠᠵᠤ᠂ ᠬᠡᠦᠬᠡᠳ ᠤᠨ ᠴᠠᠭᠠᠰᠤᠨ ᠬᠠᠶᠢᠴᠢᠯᠠᠮᠠᠯ ᠤᠨ ᠳᠤᠷ᠎ᠠ ᠰᠣᠨᠢᠷᠬᠠᠯ ᠢ ᠬᠥᠮᠦᠵᠢᠭᠦᠯᠵᠡᠶ᠃    ︽ᠠᠬᠠᠮᠠᠳ ᠢᠶᠠᠷ ᠰᠢᠨ᠎ᠡ ᠶᠢ ᠬᠥᠮᠦᠵᠢᠭᠦᠯᠬᠦ︾ ᠬᠡᠪ ᠵᠠᠭᠪᠤᠷ᠃ ᠨᠡᠶᠢᠭᠡᠮ ᠲᠣᠭᠤᠷᠢᠭ ᠠᠳᠠᠯᠢ ᠪᠤᠰᠤ ᠰᠤᠷᠭᠠᠨ ᠬᠥᠮᠦᠵᠢᠯ ᠤᠨ ᠠᠭᠤᠯᠭ᠎ᠠ ᠳᠤ ᠴᠢᠭᠯᠡᠭᠦᠯᠦᠨ᠂ ᠬᠡᠦᠬᠡᠳ ᠤᠳ ᠲᠤ ᠠᠳᠠᠯᠢ ᠪᠤᠰᠤ ︽ᠰᠤᠷᠭᠠᠨ ᠬᠥᠮᠦᠵᠢᠯ ᠤᠨ ᠢᠵᠢ ᠬᠤᠭᠤᠯᠠ︾ ᠶᠢ ᠲᠣᠭᠲᠠᠭᠠᠵᠤ ᠥᠭᠴᠡᠶ᠃ ᠵᠠᠯᠠᠭᠤᠴᠤᠳ ᠪᠠᠭᠠᠴᠤᠳ ᠢ ᠰᠤᠷᠭᠠᠨ ᠬᠥᠮᠦᠵᠢᠭᠦᠯᠵᠦ ᠨᠠᠮ ᠢᠶᠠᠨ ᠬᠠᠶᠢᠷᠠᠯᠠᠬᠤ ᠶᠢᠨ ᠲᠣᠭᠤᠷᠢᠨ ᠳᠤ᠂ ᠬᠡᠦᠬᠡᠳ ᠤᠳ ᠲᠤ ᠨᠠᠮ ᠤᠨ ᠲᠡᠦᠬᠡ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡ ᠶᠢᠨ ᠠᠭᠤᠯᠭ᠎ᠠ ᠵᠡᠷᠭᠡ ᠶᠢ ᠲᠣᠬᠢᠷᠠᠭᠤᠯᠪᠠ︔ ᠵᠠᠯᠠᠭᠤᠴᠤᠳ ᠪᠠᠭᠠᠴᠤᠳ ᠬᠡᠦᠬᠡᠳ ᠤᠨ ᠤᠯᠤᠰ ᠢᠶᠠᠨ ᠬᠠᠶᠢᠷᠠᠯᠠᠬᠤ ᠶᠢ ᠰᠤᠷᠭᠠᠨ ᠬᠥᠮᠦᠵᠢᠭᠦᠯᠬᠦ ᠶᠢᠨ ᠲᠣᠭᠤᠷᠢᠨ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠣᠮ ᠤᠩᠰᠢᠵᠤ ᠬᠤᠪᠢᠶᠠᠯᠴᠠᠬᠤ ᠵᠡᠷᠭᠡ ᠠᠭᠤᠯᠭ᠎ᠠ ᠶᠢ ᠲᠣᠬᠢᠷᠠᠭᠤᠯᠵᠠᠶ᠃ ᠠᠬᠠᠮᠠᠳ ᠪᠠᠭᠰᠢ ᠶᠣᠣ ᠰᠢᠶᠤᠤ ᠴᠦᠨ ᠪᠣᠯ ᠴᠧᠩ ᠵᠢᠩ ᠰᠤᠷᠭᠠᠭᠤᠯᠢ ᠶᠢᠨ ᠵᠠᠬᠢᠷᠤᠯ ᠮᠥᠨ᠂ ᠲᠡᠷᠡ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠲᠤ ᠢᠷᠡᠵᠦ ᠬᠡᠦᠬᠡᠳ ᠤᠳ ᠲᠤ ᠤᠯᠤᠰ ᠤᠨ ᠤᠬᠠᠭᠠᠨ ᠪᠠ ᠤᠯᠠᠮᠵᠢᠯᠠᠯᠲᠤ ᠰᠣᠶᠣᠯ ᠢ ᠶᠠᠷᠢᠵᠤ ᠥᠭᠭᠦᠨ᠎ᠡ᠃ ᠡᠪᠦᠭᠡ ᠡᠮᠡᠭᠡ ᠪᠠᠷ ᠢᠶᠠᠨ ᠥᠪᠡᠷ ᠤᠨ ᠳᠠᠪᠠᠭᠤᠯᠢᠭ ᠲᠠᠯ᠎ᠠ ᠪᠠ ᠳᠠᠪᠠᠭᠤᠯᠢᠭ ᠢᠶᠠᠷ ᠢᠶᠠᠨ ᠬᠡᠦᠬᠡᠳ ᠤᠳ ᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠵᠤᠵᠠᠭᠠᠳᠬᠠᠭᠤᠯᠬᠤ ᠪᠠᠷ ᠬᠥᠮᠥᠵᠢᠭᠦᠯᠦᠨ ᠳᠠᠭᠠᠭᠤᠯᠪᠠ᠃    ︽ᠠᠬᠠᠮᠠᠳ ᠢᠶᠠᠷ ᠰᠢᠨ᠎ᠡ ᠶᠢ ᠠᠬᠢᠭᠤᠯᠬᠤ︾ ᠬᠡᠪ ᠵᠠᠭᠪᠤᠷ᠃ ᠨᠡᠶᠢᠭᠡᠮ ᠲᠣᠭᠤᠷᠢᠭ ᠨᠢ ᠠᠳᠠᠯᠢ ᠪᠤᠰᠤ ᠰᠤᠷᠭᠠᠨ ᠬᠥᠮᠦᠵᠢᠯ ᠤᠨ ᠢᠵᠢ ᠬᠤᠭᠤᠯᠠᠨ ᠤ ᠲᠣᠭᠤᠷᠢᠨ ᠳᠤ ᠠᠳᠠᠯᠢ ᠪᠤᠰᠤ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢ ᠬᠡᠷᠡᠭᠯᠡᠨ᠎ᠡ᠃ ᠬᠡᠦᠬᠡᠳ ᠤᠳ ᠢ ᠨᠠᠮ ᠢᠶᠠᠨ ᠬᠠᠶᠢᠷᠠᠯᠠᠵᠤ᠂ ᠲᠤᠬᠢᠷᠠᠭᠤᠯᠤᠭᠰᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠲᠤᠬᠢᠷᠠᠭᠤᠯᠤᠯᠳᠠ ᠬᠢᠵᠦ᠂ ᠬᠡᠦᠬᠡᠳ ᠤᠳ ᠢ ᠲᠤᠮᠤ ᠬᠥᠮᠦᠨ ᠲᠠᠢ ᠠᠳᠠᠯᠢ ᠪᠠᠷ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ ᠠᠪᠴᠤ ᠪᠣᠯᠬᠤ ᠦᠭᠡᠢ᠂ ᠬᠡᠦᠬᠡᠳ ᠤᠨ ᠪᠠᠭ᠋ᠠᠷᠬᠠᠬᠤ ᠬᠡᠯᠪᠡᠷᠢ ᠪᠠᠷ ᠲᠡᠳᠡᠨ ᠤ ᠠᠩᠬᠠᠷᠤᠯ ᠢ ᠲᠠᠲᠠᠵᠤ᠂ ᠠᠬᠠᠮᠠᠳ ᠪᠠᠶᠢᠯᠳᠤᠭᠴᠢᠳ ᠲᠤ ᠥᠪᠡᠷ ᠤᠨ ᠥᠩᠭᠡᠷᠡᠭᠦᠯᠦᠭᠰᠡᠨ ᠦᠯᠢᠭᠡᠷ ᠪᠠ ᠬᠤᠪᠢᠰᠬᠠᠯᠲᠤ ᠳᠠᠶᠢᠨ ᠤ ᠦᠯᠢᠭᠡᠷ ᠢ ᠶᠠᠷᠢᠭᠤᠯᠵᠤ᠂ ᠬᠡᠦᠬᠡᠳ ᠤᠳ ᠢ ᠥᠪᠡᠷ ᠤᠨ ᠳᠤᠷᠠᠲᠠᠢ ᠬᠡᠯᠪᠡᠷᠢ ᠪᠠᠷ ᠨᠡᠩ ᠤᠯᠠᠨ ᠨᠠᠮ ᠤᠨ ᠲᠡᠦᠬᠡ ᠶᠢᠨ ᠮᠡᠳᠡᠯᠭᠡ ᠶᠢ ᠰᠤᠷᠤᠯᠴᠠᠭᠤᠯᠵᠤ᠂ ᠡᠭᠦᠨ ᠤ ᠤᠯᠠᠮ ᠠᠴᠠ ᠲᠡᠳᠡᠨ ᠤ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠬᠥᠮᠦᠵᠢᠭᠦᠯᠬᠦ ᠶᠢ ᠠᠬᠢᠭᠤᠯᠪᠠ᠃ ᠨᠡᠩ ᠪᠠᠭ᠎ᠠ ᠬᠡᠦᠬᠡᠳ ᠲᠤ ᠴᠢᠭᠯᠡᠭᠦᠯᠦᠨ᠂ ᠲᠡᠳᠡᠨ ᠢ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠬᠢᠨ ᠤᠯᠠᠮᠵᠢᠯᠠᠯᠲᠤ ᠪᠠᠶᠠᠷ ᠤᠨ ᠡᠳᠦᠷ ᠤᠨ ᠬᠤᠭᠤᠴᠠᠭᠠᠨ ᠳᠤ ᠬᠡᠦᠬᠡᠳ ᠤᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠣᠴᠢᠭᠤᠯᠵᠤ᠂ ᠥᠪᠡᠷ ᠢᠶᠠᠨ ᠭᠠᠷ ᠬᠥᠳᠡᠯᠦᠨ ᠶᠧᠪᠡᠩ ᠪᠠᠭᠯᠠᠵᠤ᠂ ᠽᠦᠩᠽᠢ ᠪᠠᠭᠯᠠᠬᠤ ᠵᠡᠷᠭᠡ ᠠᠵᠢᠯ ᠬᠢᠯᠭᠡᠵᠦ᠂ ᠲᠡᠳᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ  ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号