| ᠣᠶᠢᠷ᠎ᠠ ᠳᠤ᠂ ᠾᠦᠢ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠠᠮᠠ ᠶᠢᠨ ᠬᠤᠸᠠ | ᠲᠣᠰᠬᠤᠨ ᠤ ᠯᠢ ᠴᠧᠩ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠱᠣᠭᠤᠮ ᠢ ᠲᠤᠷᠰᠢᠨ ᠡᠵᠡᠩᠨᠡᠵᠦ | ᠪᠠᠶᠢᠨ᠎ᠠ᠃ | | | | | ᠣᠶᠢᠯᠠᠭᠠᠭᠰᠠᠨ ᠢᠶᠠᠷ᠂ ᠠᠤᠬᠠᠨ ᠬᠤᠰᠢᠭᠤᠨ ᠤ ᠯᠢ ᠴᠧᠩ ᠮᠠᠰᠢᠨ ᠲᠡᠷᠭᠡᠨ ᠤ ᠰᠢᠯᠭᠠᠨ ᠪᠠᠶᠢᠴᠠᠭᠠᠬᠤ | ᠥᠷᠲᠡᠭᠡ ᠨᠢ ᠯᠠᠮᠠ ᠶᠢᠨ ᠬᠤᠸᠠ ᠲᠣᠰᠬᠤᠨ ᠠᠴᠠ 500 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ | ᠪᠥᠲᠥᠭᠡᠨ ᠪᠠᠶᠢᠭᠤᠯᠤᠭᠰᠠᠨ ᠲᠣᠰᠬᠤᠨ ᠠᠴᠠ ᠡᠷᠭᠢᠯᠡᠭᠰᠡᠨ ᠠᠵᠤ ᠠᠬᠤᠶᠢᠯᠠᠯ ᠪᠣᠯᠤᠨ᠎ᠠ᠂ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠨᠢ 1800 ᠲᠡᠭᠰᠢ ᠳᠥᠷᠪᠡᠯᠵᠢᠨ ᠮᠧᠲᠷ ᠪᠠᠶᠢᠵᠤ᠂ ᠤᠤᠯ ᠤᠨ ᠪᠠᠶᠢᠭᠰᠠᠨ | ᠲᠣᠰᠬᠤᠨ ᠠᠴᠠ ᠡᠷᠭᠢᠯᠡᠭᠰᠡᠨ ᠬᠠᠶᠠᠭᠳᠠᠮᠠᠯ ᠬᠠᠭᠤᠴᠢᠨ ᠲᠣᠭᠤᠰᠬ᠎ᠠ ᠶᠢᠨ ᠦᠢᠯᠡᠳᠪᠦᠷᠢ ᠶᠢᠨ ᠲᠠᠯᠠᠪᠤᠷ ᠢ ᠠᠰᠢᠭᠯᠠᠨ᠂ | ᠡᠨᠡ ᠵᠢᠯ ᠤᠨ 6 ᠰᠠᠷ᠎ᠠ ᠳᠤ ᠠᠵᠢᠯ ᠡᠬᠢᠯᠡᠭᠦᠯᠦᠭᠰᠡᠨ ᠠᠴᠠ ᠨᠠᠰᠢ᠂ ᠡᠯ᠎ᠡ ᠵᠦᠢᠯ ᠤᠨ ᠬᠢᠨᠠᠨ ᠵᠥᠪᠰᠢᠶᠡᠷᠡᠬᠦ | ᠭᠠᠷᠳᠠᠮ ᠢ ᠭᠦᠢᠴᠡᠳᠬᠡᠬᠦ ᠪᠠ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠵᠤ᠂ 2024 | ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠰᠢᠯᠭᠠᠨ ᠪᠠᠶᠢᠴᠠᠭᠠᠬᠤ ᠥᠷᠲᠡᠭᠡ ᠶᠢᠨ ᠲᠠᠯᠠᠪᠤᠷ᠂ ᠬᠡᠷᠡᠭ ᠡᠷᠭᠢᠯᠡᠬᠦ | ᠲᠢᠩᠬᠢᠮ ᠵᠢᠴᠢ ᠰᠢᠯᠭᠠᠨ ᠪᠠᠶᠢᠴᠠᠭᠠᠬᠤ ᠲᠥᠬᠦᠭᠡᠷᠦᠮᠵᠢ ᠶᠢ ᠨᠢᠭᠡᠨᠲᠡ ᠪᠦᠬᠦᠨ ᠢ ᠪᠥᠲᠥᠭᠡᠨ ᠪᠠᠶᠢᠭᠤᠯᠵᠤ | ᠳᠠᠭᠤᠰᠬᠠᠪᠠ᠂ ᠲᠦᠷᠦᠭᠦᠬᠡᠨ᠂ ᠥᠪᠥᠷ ᠮᠣᠩᠭᠤᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠯᠭᠠᠨ ᠠᠪᠴᠤ | ᠠᠰᠢᠭᠯᠠᠯᠲᠠ ᠳᠤ ᠣᠷᠣᠭᠤᠯᠵᠤ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠡᠳᠦᠷ ᠲᠤ 70 — 80 | ᠮᠠᠰᠢᠨ ᠲᠡᠷᠭᠡ ᠶᠢ ᠪᠠᠶᠢᠴᠠᠭᠠᠨ ᠰᠢᠯᠭᠠᠨ᠎ᠠ᠃ ᠵᠢᠯ ᠪᠦᠷᠢ ᠲᠤᠰᠬᠤᠨ ᠤ ᠬᠠᠮᠲᠤ ᠶᠢᠨ ᠠᠵᠤ ᠠᠬᠤᠶ ᠳᠤ 60 ᠭᠠᠷᠤᠶ | ᠲᠦ᠋ᠮᠡᠨ ᠲᠥᠭᠦᠷᠢᠭ ᠤᠨ ᠣᠷᠤᠯᠭ᠎ᠠ ᠣᠯᠬᠤ ᠪᠤᠯᠤᠨ᠎ᠠ᠃ | |