| ᠨᠡᠶᠢᠭᠡᠮ ᠲᠣᠭᠤᠷᠢᠭ ᠤᠨ ᠵᠠᠰᠠᠯᠲᠠ ᠶᠢᠨ ᠲᠡᠷᠢᠭᠦᠨ ᠤ ᠲᠤᠷᠰᠢᠯᠭ᠎ᠠ ᠶᠢ ᠨᠠᠩ ᠰᠠᠶᠢᠨ ᠰᠤᠷᠤᠯᠴᠠᠨ ᠯᠠᠪᠯᠠᠯᠲᠠ | ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠰᠡᠳᠬᠢᠮᠵᠢ ᠶᠢ ᠥᠷᠭᠡᠳᠬᠡᠨ᠂ ᠨᠡᠶᠢᠭᠡᠮ ᠤᠨ | ᠠᠵᠢᠯ ᠤᠨ ᠡᠩᠨᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ ᠴᠢᠩᠭᠠᠳᠬᠠᠵᠤ᠂ | ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 8 ᠤ | ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ | ᠤᠨ ᠱᠦᠵᠢ ᠰᠢᠤᠢ ᠵᠢᠶᠠᠨ ᠾᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠣᠤ ᠪᠡᠭᠡᠵᠢᠩ ᠬᠤᠲᠠ ᠶᠢᠨ | ᠬᠠᠶᠢᠳᠢᠶᠠᠨ ᠲᠣᠭᠤᠷᠢᠭ ᠤᠨ ᠮᠠᠨ ᠤ ᠬᠤᠰᠢᠭᠤᠨ ᠤ ᠲᠤᠰᠢᠶᠠᠯ ᠡᠭᠦᠷᠭᠡᠯᠡᠭᠰᠡᠨ ᠺᠠᠳ᠋ᠷ᠂ ᠬᠤᠰᠢᠭᠤᠨ ᠤ ᠨᠠᠮ ᠤᠨ | ᠬᠤᠷᠢᠶᠠᠨ ᠤ ᠠᠯᠪᠠᠨ ᠬᠡᠷ᠂ ᠨᠡᠶᠢᠭᠡᠮ ᠤᠨ ᠠᠵᠢᠯ ᠤᠨ ᠬᠡᠯᠲᠡᠰ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠨ 16 ᠬᠦᠮᠦᠰ ᠢ ᠳᠠᠭᠠᠭᠤᠯᠤᠨ | ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃ | | | | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠶᠢᠳᠢᠶᠠᠨ ᠲᠣᠭᠤᠷᠢᠭ ᠤᠨ ︽ᠰᠢᠯᠢᠳᠡᠭ | ᠨᠡᠶᠢᠭᠡᠮ ᠲᠣᠭᠤᠷᠢᠭ ᠤᠨ ᠱᠦᠵᠢ ᠶᠢᠨ ᠠᠵᠢᠯ ᠤᠨ ᠲᠠᠰᠤᠭ︾᠂ ᠪᠠᠷᠠᠭᠤᠨ ᠭᠤᠷᠪᠠᠨ ᠬᠤᠰᠢᠭᠤᠨ ᠤ ᠵᠡᠭᠡᠯᠢ | ᠭᠤᠳᠤᠮᠵᠢ ᠶᠢᠨ ᠹᠧᠩ ᠳ᠋ᠠᠨ ᠯᠢ ᠱᠧ ᠨᠡᠶᠢᠭᠡᠮ ᠲᠣᠭᠤᠷᠢᠭ᠂ ᠪᠡᠭᠡᠵᠢᠩ ᠤᠨ ᠨᠡᠶᠢᠭᠡᠮ ᠤᠨ ᠠᠵᠢᠯᠲᠠᠨ ᠤ ᠨᠡᠶᠢᠭᠡᠮᠯᠢᠭ᠂ | ᠪᠡᠭᠡᠵᠢᠩ ᠤᠨ ᠨᠡᠭᠡᠭᠡᠯᠲᠡ ᠶᠢᠨ ᠶᠡᠭᠡ ᠰᠤᠷᠭᠠᠭᠤᠯᠢ ᠳᠤ ᠭᠦᠨᠵᠡᠭᠡᠶᠢᠷᠡᠵᠦ᠂ ᠲᠤᠬᠠᠶ ᠶᠢᠨ ᠲᠠᠯᠠᠪᠤᠷ ᠲᠤ | ᠲᠠᠶᠢᠯᠪᠤᠷᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠶᠢᠳᠢᠶᠠᠨ ᠲᠣᠭᠤᠷᠢᠭ ᠤᠨ ︽ᠰᠢᠯᠢᠳᠡᠭ ᠨᠡᠶᠢᠭᠡᠮ ᠲᠣᠭᠤᠷᠢᠭ ᠤᠨ | ᠱᠦᠵᠢ ᠶᠢᠨ ᠠᠵᠢᠯ ᠤᠨ ᠲᠠᠰᠤᠭ︾᠂ ᠪᠡᠭᠡᠵᠢᠩ ᠤᠨ ᠨᠡᠶᠢᠭᠡᠮ ᠤᠨ ᠠᠵᠢᠯᠲᠠᠨ ᠤ ᠨᠡᠶᠢᠭᠡᠮᠯᠢᠭ᠂ ᠨᠠᠰᠤᠲᠠᠶᠢᠴᠤᠳ ᠢ | ᠲᠡᠳᠬᠦᠨ ᠵᠡᠮᠳᠡᠭᠴᠦᠳ ᠢ ᠲᠤᠰᠠᠯᠠᠬᠤ ᠰᠠᠭᠤᠷᠢ ᠮᠥᠩᠭᠦ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ | ᠰᠢᠨ᠎ᠡ ᠶᠢ ᠡᠭᠦᠳᠬᠦ ᠪᠣᠯᠪᠠᠰᠤᠷᠠᠭᠤᠯᠤᠯ ᠤᠨ ᠡᠵᠡᠩᠨᠡᠯᠲᠡ ᠶᠢᠨ ᠵᠠᠭᠪᠤᠷ᠂ ᠬᠢᠴᠢᠶᠡᠯ ᠤᠨ ᠰᠢᠰᠲ᠋ᠧᠮ᠂ ᠰᠢᠯᠢᠳᠡᠭ | ᠨᠡᠶᠢᠭᠡᠮ ᠲᠣᠭᠤᠷᠢᠭ ᠤᠨ ᠱᠦᠵᠢ ᠶᠢᠨ ᠲᠤᠷᠰᠢᠯᠭ᠎ᠠ ᠪᠠ ᠲᠡᠷᠢᠭᠦᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ | ᠵᠠᠭᠪᠤᠷ ᠢ ᠨᠠᠷᠢᠨ ᠣᠶᠢᠯᠠᠭᠠᠵᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠳᠤ ᠨᠡᠶᠢᠭᠡᠮ ᠲᠣᠭᠤᠷᠢᠭ ᠤᠨ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠤᠬᠢ ᠰᠣᠳᠣ᠂ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠠᠷᠠᠳ | ᠣᠯᠠᠨ ᠳᠤ ᠠᠰᠢᠭ ᠬᠦᠷᠲᠡᠭᠡᠬᠦ ᠭᠤᠤᠯᠯᠠᠭᠴᠢ ᠶᠢ ᠭᠦᠨᠵᠡᠭᠡᠶ ᠣᠶᠢᠯᠠᠭᠠᠭᠤᠯᠵᠤ᠂ ᠮᠠᠨ ᠤ ᠬᠤᠰᠢᠭᠤᠨ ᠤ ᠨᠡᠶᠢᠭᠡᠮ | ᠲᠣᠭᠤᠷᠢᠭ ᠤᠨ ᠵᠠᠰᠠᠯᠲᠠ ᠳᠤ ᠰᠢᠨ᠎ᠡ ᠪᠤᠳᠤᠯ᠂ ᠰᠢᠨ᠎ᠡ ᠰᠡᠳᠬᠢᠮᠵᠢ ᠬᠠᠩᠭᠠᠪᠠ᠃ | | | | | ᠰᠢᠤᠢ ᠱᠦᠵᠢ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠠᠴᠠ ᠨᠠᠷᠢᠨ ᠨᠢᠮᠪᠠᠶ ᠵᠣᠬᠢᠶᠠᠨ ᠪᠠᠶᠢᠭᠤᠯᠤᠭᠰᠠᠨ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ | ᠰᠤᠷᠤᠯᠴᠠᠯᠭ᠎ᠠ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠲᠤᠬᠠᠶ ᠰᠢᠨ᠎ᠡ ᠱᠠᠭᠠᠷᠳᠠᠯᠭ᠎ᠠ ᠶᠢ ᠭᠦᠨᠵᠡᠭᠡᠶ | ᠣᠶᠢᠯᠠᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠢᠳᠡᠨ ᠳᠤ ᠣᠯᠭᠤᠭᠰᠠᠨ ᠡᠭᠦᠷᠭᠡ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠪᠠᠶᠢᠨ᠎ᠠ᠃ ᠲᠡᠷᠡ ᠤᠯᠠᠨ ᠢ ᠲᠡᠷᠢᠭᠦᠨ ᠤ ᠭᠠᠵᠠᠷ ᠣᠷᠣᠨ ᠤ | ᠠᠮᠵᠢᠯᠲᠠ ᠲᠠᠢ ᠲᠤᠷᠰᠢᠯᠭ᠎ᠠ ᠪᠠᠷ ᠢᠳᠡᠪᠬᠢᠲᠡᠢ ᠲᠤᠯᠢ ᠪᠣᠯᠭᠠᠵᠤ᠂ ᠬᠦᠷᠦᠯᠴᠡᠬᠦ ᠦᠭᠡᠢ ᠲᠠᠯ᠎ᠠ ᠪᠠᠨ ᠵᠥᠪ ᠢᠶᠠᠷ | ᠲᠠᠨᠢᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠩ ᠪᠣᠳᠠᠲᠠᠢ ᠶᠢ | ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯᠯᠠᠭ᠎ᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ | ᠠᠬᠢᠭᠤᠯᠬᠤ ᠶᠢ ᠵᠣᠷᠢᠭᠵᠢᠭᠤᠯᠪᠠ᠃ ᠰᠢᠤᠢ ᠱᠦᠵᠢ ᠴᠢᠬᠤᠯᠠᠴᠢᠯᠠᠭᠰᠠᠨ ᠨᠢ᠂ ᠰᠢᠨᠵᠢᠯᠡᠨ ᠪᠠᠶᠢᠴᠠᠭᠠᠵᠤ | ᠰᠤᠷᠤᠯᠴᠠᠬᠤ ᠨᠢ ᠵᠥᠪᠬᠡᠨ ᠡᠬᠢᠯᠡᠯᠲᠡ ᠮᠥᠨ᠂ ᠵᠢᠩᠬᠢᠨᠢ ᠥᠷᠢᠰᠥᠯᠳᠦᠭᠡᠨ ᠪᠣᠯ ᠠᠵᠢᠯᠯᠠᠭ᠎ᠠ ᠪᠠ ᠦᠢᠯᠡᠳᠦᠯᠭᠡ ᠳᠤ | ᠪᠠᠶᠢᠨ᠎ᠠ᠃ ᠲᠡᠷᠡ ᠡᠯ᠎ᠡ ᠰᠤᠷᠤᠯᠴᠠᠭᠰᠠᠳ ᠢ ᠰᠣᠷᠣᠭᠰᠠᠨ ᠲᠥᠷᠥᠭᠳᠡᠯ ᠢᠶᠠᠨ ᠠᠵᠢᠯ ᠤᠨ ᠪᠠᠶᠢᠷᠢ ᠳᠠᠭᠠᠨ ᠠᠪᠴᠢᠷᠠᠵᠤ | ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠦᠨᠵᠡᠭᠡᠶ ᠳ᠋ᠦᠩᠨᠡᠵᠦ᠂ | ᠵᠣᠷᠢᠭᠲᠠᠶ ᠪᠠᠷ ᠰᠢᠨ᠎ᠡ ᠶᠢ ᠡᠭᠦᠳᠴᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠭᠰᠠᠨ ᠡᠭᠦᠳᠦᠨ ᠨᠡᠭᠡᠭᠡᠭᠴᠢ | ᠪᠣᠯᠬᠤ ᠪᠠᠷ ᠴᠢᠷᠮᠠᠶᠢᠵᠤ᠂ ᠰᠢᠨ᠎ᠡ ᠠᠷᠭ᠎ᠠ᠂ ᠰᠢᠨ᠎ᠡ ᠰᠡᠳᠬᠢᠴᠡ ᠶᠢ ᠵᠣᠷᠢᠭᠲᠠᠶ ᠪᠠᠷ ᠬᠡᠷᠡᠭᠯᠡᠵᠦ᠂ ᠰᠢᠨᠵᠢᠯᠡᠨ | ᠪᠠᠶᠢᠴᠠᠭᠠᠵᠤ ᠰᠤᠷᠤᠯᠴᠠᠭᠰᠠᠨ ᠦᠷ᠎ᠡ ᠪᠦᠲᠦᠭᠡᠯ ᠢᠶᠠᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | |