ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 82 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2025/1/13
        1 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ᠃
C:\Users\Administrator\Desktop\10.png
    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠪᠠ ᠬᠤᠰᠢᠭᠤᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠠᠮᠢᠶ᠎ᠠ ᠪᠥᠬᠦᠶ ᠶᠠᠷᠢᠶ᠎ᠠ᠂ ᠮᠡᠳᠡᠭᠦᠯᠦᠯᠲᠡ ᠶᠢ ᠬᠢᠨᠠᠨ ᠵᠥᠪᠯᠡᠵᠦ᠂ ᠲᠠᠷᠠᠭᠠᠴᠢ ᠶᠢᠨ ᠱᠠᠲᠤᠨ ᠤ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠠᠴᠠ ᠭᠠᠷᠭᠠᠭᠰᠠᠨ ᠡᠯ᠎ᠡ  ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠭᠤᠷᠪᠠᠨ ᠭᠤᠤᠯᠳᠠᠯᠭ᠎ᠠ ᠶᠢ ᠳᠣᠪᠤᠶᠢᠯᠭᠠᠬᠤ᠂ ᠨᠢᠭᠡ ᠬᠠᠷᠠᠯᠲᠠ ᠶᠢ ᠪᠡᠶᠡᠯᠡᠭᠦᠯᠬᠦ︾ ᠶᠡᠷᠦᠩᠬᠡᠶ ᠰᠡᠳᠬᠢᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠶᠡᠭᠡ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ᠬᠦᠯᠢᠶᠡᠬᠦ ᠥᠬᠡᠶ ᠲᠦᠰᠢᠭᠯᠡᠬᠦ ᠥᠬᠡᠶ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ  ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠪᠣᠯᠤᠨ ᠬᠤᠰᠢᠭᠤᠨ ᠤ ᠬᠤᠶᠠᠷ ᠬᠤᠷᠠᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ  ᠭᠦᠢᠴᠡᠳ ᠰᠢᠩᠭᠡᠭᠡᠨ ᠠᠪᠴᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠪᠣᠯᠤᠨ ᠬᠤᠰᠢᠭᠤᠨ ᠤ ᠬᠤᠶᠠᠷ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠭᠰᠠᠨ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠶᠡᠭᠡ ᠬᠤᠷᠠᠯ ᠪᠣᠯᠭᠠᠨ ᠬᠤᠷᠠᠯᠳᠤᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ  ᠭᠡᠵᠦ ᠵᠢᠭᠠᠨ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号