| ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ | ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ | ᠠᠳᠬᠤᠬᠤ ᠶᠢᠨ ᠲᠥᠯᠥᠭᠡ᠂ ᠣᠷᠤᠢ ᠶᠢᠨ ᠰᠦᠮ᠎ᠡ ᠰᠤᠮᠤ ︽ᠳᠥᠷᠪᠡ ᠶᠢ ᠰᠢᠯᠢᠳᠡᠭᠵᠢᠭᠦᠯᠦᠨ ᠳᠥᠷᠪᠡ ᠶᠢ | ᠳᠡᠭᠡᠭᠰᠢᠯᠡᠭᠦᠯᠬᠦ︾ ᠠᠵᠢᠯ ᠤᠨ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠪᠠ᠃ | ᠨᠢᠭᠡ ᠳᠤ ᠂ ᠠᠵᠢᠯᠲᠠᠨ ᠤ ᠪᠦᠲᠦᠴᠡ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠷᠤᠢ ᠶᠢᠨ ᠰᠦᠮ᠎ᠡ ᠰᠣᠮᠤ ᠶᠢᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠨᠢ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢᠨ ᠠᠵᠢᠯ ᠤᠨ | ᠱᠠᠭᠠᠷᠳᠠᠯᠭ᠎ᠠ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠠᠵᠢᠯ ᠤᠨ ᠲᠣᠬᠢᠷᠠᠭᠤᠯᠤᠯᠲᠠ ᠶᠢ ᠴᠢᠩᠭ᠎ᠠ | ᠬᠡᠷᠡᠭᠵᠢᠭᠦᠯᠵᠦ᠂ ᠪᠥᠬᠦ ᠰᠤᠮᠤᠨ ᠤ ᠰᠢᠯᠢᠳᠡᠭ ᠡᠷᠦᠬᠡ ᠶᠢᠨ ᠴᠡᠷᠢᠭ ᠤᠨ ᠨᠠᠰᠤ ᠵᠢᠯ᠂ ᠪᠡᠶ᠎ᠡ ᠮᠠᠬᠠᠪᠣᠳ᠂ | ᠰᠣᠶᠣᠯ ᠤᠨ ᠬᠢᠷᠢ ᠲᠦᠪᠰᠢᠨ ᠵᠡᠷᠭᠡ ᠪᠣᠳᠠᠲᠠᠶ ᠪᠠᠶᠢᠳᠠᠯ ᠢ ᠨᠢᠭᠡ ᠤᠳᠠᠭ᠎ᠠ ᠰᠢᠯᠢᠳᠡᠭᠵᠢᠭᠦᠯᠪᠡ᠃ ᠰᠢᠯᠢᠳᠡᠭ | ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠨᠥᠬᠦᠴᠡᠯ ᠳᠤ ᠨᠡᠶᠢᠴᠡᠬᠦ ᠦᠭᠡᠢ ᠭᠡᠰᠢᠭᠦᠨ ᠢ ᠴᠠᠭ ᠲᠤᠬᠠᠢ ᠳᠤᠨᠢ ᠡᠩᠨᠡᠭᠡ ᠠᠴᠠ ᠭᠠᠷᠭᠠᠵᠤ᠂ ᠰᠣᠶᠣᠯ ᠤᠨ ᠬᠢᠷᠢ | ᠬᠡᠮᠵᠢᠶ᠎ᠡ ᠪᠠᠷ ᠥᠨᠳᠥᠷ᠂ ᠮᠡᠷᠭᠡᠵᠢᠯ ᠲᠠᠢ᠂ ᠲᠤᠰᠬᠠᠢ ᠡᠮᠴᠢᠯᠡᠭᠡᠨ ᠤ ᠠᠵᠢᠯᠳᠠᠨ ᠢ ᠡᠷᠦᠭᠡ ᠶᠢᠨ ᠴᠡᠷᠢᠭ ᠤᠨ | ᠡᠩᠨᠡᠭᠡᠨ ᠳᠤ ᠣᠷᠣᠭᠤᠯᠵᠤ᠂ ᠰᠢᠯᠢᠳᠡᠭ ᠡᠷᠦᠭᠡ ᠶᠢᠨ ᠴᠡᠷᠢᠭ ᠤᠨ ᠡᠩᠨᠡᠭᠡᠨ ᠤ ᠲᠣᠭᠲᠠᠭᠤᠨ ᠴᠢᠨᠠᠷ ᠢ ᠪᠠᠲᠤᠯᠠᠭᠰᠠᠨ | ᠪᠥᠭᠡᠳ ᠲᠡᠭᠦᠨ ᠳᠤ ᠰᠢᠨ᠎ᠡ ᠰᠣᠷᠭᠤᠭ ᠴᠢᠰᠤ ᠣᠷᠣᠭᠤᠯᠵᠤ ᠰᠢᠯᠢᠳᠡᠭ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ | ᠠᠷᠭᠠᠴᠠᠬᠤ ᠲᠤᠰᠬᠠᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ | ᠬᠤᠶᠠᠷ ᠲᠤ ᠂ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠠᠭᠤᠷᠢ | ᠪᠠᠲᠤᠯᠠᠭ᠎ᠠ ᠶᠢ ᠳᠡᠭᠡᠭᠰᠢᠯᠡᠭᠦᠯᠦᠨ᠎ᠡ᠃ ᠤᠷᠤᠢ ᠶᠢᠨ ᠰᠦᠮ᠎ᠡ ᠰᠤᠮᠤ ︽ᠭᠤᠷᠪᠠᠨ ᠲᠠᠰᠤᠭ ᠨᠢᠭᠡ ᠬᠥᠮᠥᠷᠭᠡ︾ ᠶᠢᠨ | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠵᠦ᠂ ᠡᠯ᠎ᠡ ᠲᠦᠷᠦᠯ ᠤᠨ ᠵᠡᠪᠰᠡᠭᠲᠦ | ᠬᠦᠴᠦᠨ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠡᠷᠡᠮ ᠬᠠᠶᠠᠭᠠᠨ ᠳᠤ ᠡᠯᠭᠦᠵᠦ᠂ ᠡᠯ᠎ᠡ | ᠵᠦᠢᠯ ᠤᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠪᠡ᠃ ᠰᠤᠮᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠲᠣᠨᠣᠭᠯᠠᠯ ᠤᠨ ᠬᠥᠮᠥᠷᠭᠡ ᠶᠢ ᠨᠢᠭᠡᠳᠦᠯᠲᠡᠢ ᠲᠠᠩᠰᠠ ᠡᠪᠬᠡᠮᠡᠯ ᠳᠤ | ᠣᠷᠣᠭᠤᠯᠤᠨ ᠬᠠᠮᠢᠶᠠᠷᠴᠤ᠂ ᠡᠳ᠋ ᠪᠣᠳᠠᠰ ᠤᠨ ᠨᠥᠭᠡᠴᠡ ᠶᠢ ᠨᠥᠬᠦᠪᠦᠷᠢᠯᠡᠵᠦ᠂ ᠭᠡᠨᠡᠳᠲᠡ ᠶᠢᠨ ᠪᠠᠶᠢᠳᠠᠯ ᠳᠣᠣᠷ᠎ᠠ | ᠡᠳ᠋ ᠪᠣᠳᠠᠰ ᠤᠨ ᠪᠠᠲᠤᠯᠠᠭ᠎ᠠ ᠶᠢ ᠭᠦᠢᠴᠡᠳ ᠪᠠᠶᠢᠯᠭᠠᠬᠤ ᠶᠢ ᠦᠨᠡᠨ ᠬᠦ ᠪᠠᠲᠤᠯᠠᠪᠠ᠃ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠬᠤᠭᠤᠴᠠᠭᠠᠨ ᠳᠤ ᠰᠤᠮᠤ ᠶᠢᠨ ᠡᠷᠦᠬᠡ ᠶᠢᠨ ᠴᠡᠷᠢᠭ 6 ᠪᠦᠯᠦᠭ ᠤᠳᠠᠭ᠎ᠠ 80 ᠭᠠᠷᠤᠶ | ᠬᠥᠮᠦᠨ ᠬᠥᠳᠡᠯᠭᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠡᠩ ᠤᠨ ᠦᠶ᠎ᠡ ᠳᠤ ᠠᠷᠠᠳ ᠤᠨ ᠲᠥᠯᠥᠭᠡ ᠪᠠᠶᠢᠬᠤ᠂ | ᠲᠠᠶᠢᠨ ᠤ ᠦᠶ᠎ᠡ ᠳᠤ ᠴᠡᠷᠢᠭ ᠪᠣᠯᠬᠤ︾ ᠲᠠᠷᠬᠠᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ | ᠡᠷᠦᠬᠡ ᠶᠢᠨ ᠴᠡᠷᠢᠭ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ | ᠠᠷᠠᠳ ᠤᠯᠠᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ | ᠭᠤᠷᠪᠠ ᠳᠤ ᠂ ᠴᠡᠷᠢᠭ ᠤᠨ ᠠᠯᠪᠠᠨ ᠤ ᠳᠠᠩᠰᠠᠯᠠᠯᠲᠠ ᠶᠢ ᠰᠢᠯᠢᠳᠡᠭᠵᠢᠭᠦᠯᠵᠦ᠂ ᠴᠡᠷᠢᠭ ᠤᠨ ᠢᠷᠡᠯᠲᠡ ᠶᠢᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠣᠷᠤᠢ ᠶᠢᠨ ᠰᠦᠮ᠎ᠡ ᠰᠣᠮᠤ ᠶᠢᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠠᠴᠠ ᠬᠠᠷᠢᠶᠠᠲᠤ ᠣᠷᠣᠨ ᠤ ᠵᠣᠬᠢᠬᠤ ᠨᠠᠰᠤᠨ ᠤ ᠠᠷᠠᠳ ᠢᠷᠭᠡᠳ ᠤᠨ ᠤᠯᠤᠰ ᠲᠥᠷᠥ᠂ ᠪᠡᠶ᠎ᠡ ᠮᠠᠬᠠᠪᠣᠳ᠂ | ᠰᠣᠶᠣᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠳᠤ ᠴᠢᠭᠯᠡᠭᠦᠯᠦᠨ᠂ ᠬᠠᠤᠯᠢ ᠶᠣᠰᠣᠭᠠᠷ ᠴᠡᠷᠢᠭ ᠡᠯᠰᠡᠬᠦ ᠤᠷᠢᠲᠠᠯ ᠳᠣᠤᠷ᠎ᠠ᠂ ᠡᠷᠲᠡ ᠳᠠᠶᠢᠴᠢᠯᠠᠵᠤ᠂ | ᠡᠷᠲᠡ ᠤᠬᠠᠭᠤᠯᠵᠤ᠂ ᠦᠵᠡᠯ ᠰᠠᠨᠠᠭᠠᠨ ᠤ ᠳᠠᠶᠢᠴᠢᠯᠠᠯᠲᠠ ᠪᠠ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠨᠠᠷᠢᠨ | ᠭᠠᠪᠢᠶ᠎ᠠ ᠪᠠᠶᠢᠭᠤᠯᠵᠤ᠂ ᠴᠡᠷᠢᠭ ᠡᠯᠰᠡᠬᠦ ᠠᠵᠢᠯ ᠤᠨ ᠡᠩ ᠤᠨ ᠦᠶ᠎ᠡ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠪᠡ᠃ ᠰᠤᠮᠤ ︽ᠪᠡᠶ᠎ᠡ ᠶᠢᠨ ᠪᠠᠶᠢᠴᠠᠭᠠᠯᠲᠠ ᠶᠢᠨ ᠪᠣᠭᠤᠮᠲᠠ᠂ ᠨᠠᠰᠤᠨ ᠤ ᠪᠣᠭᠤᠮᠲᠠ᠂ ᠰᠤᠷᠤᠯᠭ᠎ᠠ ᠶᠢᠨ | ᠨᠠᠮᠲᠠᠷ ᠤᠨ ᠪᠣᠭᠤᠮᠲᠠ᠂ ᠰᠤᠷᠪᠤᠯᠵᠢᠯᠠᠬᠤ ᠪᠣᠭᠤᠮᠲᠠ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢᠨ ᠪᠣᠭᠤᠮᠲᠠ︾ | ᠶᠢ ᠴᠢᠩᠭ᠎ᠠ ᠠᠳᠬᠤᠵᠤ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠪᠠ ᠰᠤᠷᠪᠤᠯᠵᠢᠯᠠᠭ᠎ᠠ ᠬᠢᠵᠦ᠂ ᠴᠡᠷᠢᠭ ᠲᠤ | ᠡᠯᠰᠡᠭᠳᠡᠭᠰᠡᠨ ᠵᠠᠯᠠᠭᠤᠴᠤᠳ ᠤᠨ ᠪᠣᠳᠠᠲᠠᠶ ᠪᠠᠶᠢᠳᠠᠯ ᠢ ᠦᠨᠡᠨ ᠪᠣᠳᠠᠲᠠᠶ ᠪᠠᠷ ᠡᠵᠡᠮᠰᠢᠪᠡ᠃ ᠴᠡᠷᠢᠭ ᠲᠤ ᠡᠯᠰᠡᠭᠳᠡᠭᠰᠡᠨ | ᠵᠠᠯᠠᠭᠤ ᠭᠡᠷ ᠤᠨ ᠠᠬᠠᠮᠠᠳ ᠲᠤ ᠤᠬᠠᠭᠤᠯᠭ᠎ᠠ ᠬᠥᠮᠦᠵᠢᠯ ᠬᠢᠬᠦ ᠠᠵᠢᠯ ᠢ ᠴᠢᠩᠭᠠᠳᠬᠠᠵᠤ᠂ ᠠᠷᠢᠭᠤᠨ ᠴᠢᠬᠡᠴᠢ ᠪᠠᠷ | ᠴᠡᠷᠢᠭ ᠡᠯᠰᠡᠬᠦ ᠶᠢ ᠦᠨᠡᠨ ᠬᠦ ᠪᠠᠲᠤᠯᠠᠵᠤ᠂ ᠬᠠᠷᠢᠶᠠᠲᠤ ᠣᠷᠣᠨ ᠤ ᠴᠡᠷᠢᠭ ᠤᠨ ᠢᠷᠡᠯᠲᠡ ᠶᠢᠨ ᠶᠠᠰᠤ ᠴᠢᠨᠠᠷ ᠢ | ᠦᠨᠡᠨ ᠬᠦ ᠳᠡᠭᠡᠭᠰᠢᠯᠡᠭᠦᠯᠪᠡ᠃ | ᠳᠦᠷᠪᠡ ᠳᠤ ᠂ ᠡᠷᠬᠢᠨ ᠦᠵᠡᠵᠦ ᠲᠣᠬᠤᠨᠢᠭᠤᠯᠬᠤ ᠶᠢ ᠰᠢᠯᠢᠳᠡᠭᠵᠢᠭᠦᠯᠵᠦ᠂ ᠴᠡᠷᠢᠭ ᠢᠶᠠᠨ ᠬᠦᠷᠢᠶᠡᠯᠡᠬᠦ | ᠠᠭᠤᠷ ᠠᠮᠢᠰᠬᠤᠯ ᠢ ᠳᠡᠭᠡᠭᠰᠢᠯᠡᠭᠦᠯᠦᠨ᠎ᠡ᠃ ᠣᠷᠤᠢ ᠶᠢᠨ ᠰᠦᠮ᠎ᠡ ᠰᠣᠮᠤ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠬᠠᠷᠢᠶᠠᠲᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠢᠳᠡᠪᠬᠢᠲᠡᠢ ᠪᠠᠲᠤᠯᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠨᠠᠮ ᠪᠣᠯᠣᠨ ᠤᠯᠤᠰ ᠠᠴᠠ ᠴᠡᠷᠢᠭ ᠤᠨ ᠠᠯᠪᠠ ᠠᠴᠠ | ᠬᠠᠯᠠᠭᠳᠠᠭᠰᠠᠳ ᠢ ᠴᠢᠬᠤᠯᠠᠴᠢᠯᠠᠵᠤ ᠪᠠᠶᠢᠬᠤ ᠶᠢ ᠮᠡᠳᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ | ᠰᠢ ᠶᠢᠨ ᠫᠢᠩ ᠤᠨ ︽ᠴᠡᠷᠢᠭ ᠤᠨ ᠬᠥᠮᠥᠨ ᠢ ᠨᠡᠶᠢᠭᠡᠮ ᠳᠠᠶᠠᠭᠠᠷ ᠤᠨ ᠬᠠᠮᠤᠭ ᠤᠨ ᠬᠦᠨᠳᠦᠳᠬᠡᠯ ᠤᠨ ᠠᠵᠢᠯ | ᠮᠡᠷᠭᠡᠵᠢᠯ ᠪᠣᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠡᠢ᠃ ᠰᠤᠮᠤ ᠲᠣᠭᠲᠠᠮᠠᠯ | ᠬᠤᠭᠤᠴᠠᠭ᠎ᠠ ᠲᠠᠢ ᠪᠠᠷ ᠠᠬᠠᠮᠠᠳ ᠴᠡᠷᠢᠭ ᠠᠴᠠ ᠬᠠᠯᠠᠭᠳᠠᠭᠰᠠᠳ᠂ ᠠᠮᠢᠳᠤᠷᠠᠯ ᠨᠢ ᠬᠦᠴᠢᠷᠳᠡᠯᠲᠡᠶ ᠴᠡᠷᠢᠭ ᠠᠴᠠ | ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠬᠠᠷᠢᠶᠠᠲᠤ ᠣᠷᠣᠨ ᠤ ᠬᠠᠷᠠᠭᠠᠯᠵᠠᠯ ᠬᠦᠷᠲᠡᠭᠰᠡᠳ ᠲᠤ ᠡᠯ᠎ᠡ | ᠲᠥᠷᠥᠯ ᠤᠨ ᠨᠥᠬᠦᠪᠥᠷᠢ ᠶᠢ ᠴᠠᠭ ᠲᠤᠬᠠᠶ ᠳᠤᠨᠢ ᠣᠯᠭᠤᠪᠠ᠃ ᠬᠠᠯᠠᠮᠵᠢᠯᠠᠨ ᠬᠠᠶᠢᠷᠠᠯᠠᠬᠤ ᠪᠠ ᠠᠪᠤᠷᠠᠨ ᠲᠤᠰᠠᠯᠠᠬᠤ | ᠲᠥᠯᠥᠪᠯᠡᠭᠡ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠪᠥᠬᠦ ᠰᠤᠮᠤᠨ ᠤ ᠬᠡᠪᠴᠢᠶᠡᠨ ᠳᠤ ᠢᠳᠡᠪᠬᠢᠲᠡᠶ ᠪᠠᠷ | ᠥᠭᠡᠳᠡᠯᠡᠨ ᠳᠠᠪᠰᠢᠬᠤ ᠠᠭᠤᠷ ᠠᠮᠢᠰᠬᠤᠯ ᠢ ᠪᠣᠶ ᠪᠣᠯᠭᠠᠪᠠ᠃ |