| ᠣᠶᠢᠷ᠎ᠠ ᠳᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2025 ᠣᠨ ᠤ ᠨᠢᠭᠡᠳᠦᠭᠡᠷ | ᠤᠯᠠᠷᠢᠯ ᠵᠢᠴᠢ ᠴᠠᠭᠠᠨ ᠰᠠᠷ᠎ᠠ ᠶᠢᠨ ᠲᠡᠭᠡᠭᠡᠪᠦᠷᠢ ᠴᠠᠭᠠᠨ ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠳᠡᠭᠡᠳᠦ | ᠱᠠᠲᠤᠨ ᠤ ᠠᠶᠤᠯᠭᠦᠶ ᠦᠢᠯᠡᠳᠪᠦᠷᠢᠯᠡᠯ ᠤᠨ ᠴᠢᠬᠤᠯᠠ ᠪᠢᠴᠢᠭ ᠮᠠᠲ᠋ᠧᠷᠢᠶᠠᠯ ᠢ ᠳᠠᠮᠵᠢᠭᠤᠯᠵᠤ᠂ ᠬᠤᠷᠠᠯ ᠢᠶᠠᠷ ︽ | ᠠᠤᠬᠠᠨ ᠬᠤᠰᠢᠭᠤᠨ ᠤ ︿ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ﹀ ᠲᠣᠭᠲᠠᠭᠠᠯ ᠤᠳ︾᠂ ︽ | ᠠᠤᠬᠠᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠣᠭᠲᠠᠴᠠ︾ ᠶᠢ ᠰᠤᠷᠤᠯᠴᠠᠵᠤ᠂ ᠨᠢᠭᠡᠳᠦᠭᠡᠷ ᠤᠯᠠᠷᠢᠯ ᠤᠨ ᠪᠠ | ᠴᠠᠭᠠᠨ ᠰᠠᠷ᠎ᠠ ᠶᠢᠨ ᠲᠡᠭᠡᠭᠡᠪᠦᠷᠢ ᠴᠠᠭᠠᠨ ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠲᠣᠪᠴᠢᠶᠠᠨ ᠳᠡᠳ᠋ | ᠳᠠᠷᠤᠭ᠎ᠠ ᠡᠤ ᠶᠦᠩ ᠼᠠᠢ ᠨᠥᠬᠦᠷ 2024 ᠣᠨ ᠤ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠣᠳᠣᠬᠠᠨ ᠤ ᠵᠠᠮ | ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠴᠠᠭᠠᠨ ᠰᠠᠷ᠎ᠠ ᠶᠢᠨ | ᠲᠡᠭᠡᠭᠡᠪᠦᠷᠢ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠪᠠ ᠦᠢᠯᠡᠴᠢᠯᠡᠭᠡᠨ ᠤ | ᠪᠠᠲᠤᠯᠠᠭ᠎ᠠ᠂ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ | ᠣᠨᠴᠠᠭᠠᠶ ᠴᠠᠭ ᠠᠭᠤᠷ ᠢ ᠠᠷᠭᠠᠴᠠᠭᠠᠬᠤ ᠪᠠ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠪᠠ ᠠᠵᠤ ᠠᠬᠤᠶᠢᠯᠠᠯ ᠤᠨ ᠭᠠᠯ ᠤᠨᠲᠠᠷᠠᠭᠠᠬᠤ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ | ᠰᠠᠬᠢᠬᠤ ᠵᠡᠷᠭᠡ ᠲᠠᠯ᠎ᠠ ᠪᠠᠷ ᠪᠣᠳᠠᠲᠠᠶ ᠲᠣᠬᠢᠷᠠᠭᠤᠯᠤᠯᠲᠠ ᠬᠢᠪᠠ᠃ | ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠪᠴᠢᠶᠠᠨ | ᠳᠠᠷᠤᠭ᠎ᠠ ᠶᠠᠩ ᠮᠧᠩ ᠰᠢᠶᠠᠨ ᠨᠥᠬᠦᠷ ᠨᠢᠭᠡᠳᠦᠭᠡᠷ ᠤᠯᠠᠷᠢᠯ ᠵᠢᠴᠢ ᠴᠠᠭᠠᠨ ᠰᠠᠷ᠎ᠠ ᠶᠢᠨ ᠲᠡᠭᠡᠭᠡᠪᠦᠷᠢ ᠴᠠᠭᠠᠨ | ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ | ᠬᠢᠪᠠ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ︔ ᠬᠤᠶᠠᠷ ᠲᠤ᠂ ᠴᠠᠭᠠᠨ | ᠰᠠᠷ᠎ᠠ ᠶᠢᠨ ᠲᠡᠭᠡᠭᠡᠪᠦᠷᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ ︔ ᠭᠤᠷᠪᠠ ᠳᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ᠂ ᠪᠦᠬᠦ ᠠᠵᠢᠯ ᠲᠦᠷᠦᠯ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ | ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ | ᠲᠤᠬᠠᠶᠢᠯᠠᠭᠰᠠᠨ ᠠᠵᠢᠯ ᠢ ᠨᠢᠭᠲᠠ ᠤᠶᠠᠯᠳᠤᠭᠤᠯᠬᠤ ᠬᠡᠷᠡᠭᠲᠡᠢ᠃ ᠴᠠᠭᠠᠨ ᠰᠠᠷ᠎ᠠ ᠶᠢᠨ ᠲᠡᠭᠡᠭᠡᠪᠦᠷᠢ ᠶᠢᠨ | ᠬᠤᠭᠤᠴᠠᠭᠠᠨ ᠳᠤ᠂ ︽ᠬᠡᠪ ᠤᠨ ᠪᠠᠶᠢᠳᠠᠯ ᠠᠴᠠ ᠥᠨᠳᠥᠷ᠂ ᠡᠩ ᠤᠨ ᠦᠶ᠎ᠡ ᠠᠴᠠ ᠴᠢᠩᠭ᠎ᠠ︾ ᠭᠡᠬᠦ | ᠰᠡᠳᠬᠢᠴᠡ ᠪᠠᠷ᠂ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ | ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠡᠴᠦᠰ ᠤᠨ ᠴᠡᠭ ᠭᠡᠵᠦ ᠪᠠᠶᠢᠬᠤ ᠦᠭᠡᠢ᠂ ᠠᠮᠤᠷ | ᠲᠦᠪᠰᠢᠨ ᠤ ᠤᠯᠠᠭᠠᠨ ᠱᠤᠭᠤᠮ ᠢ ᠡᠷᠡᠰ ᠰᠠᠬᠢᠵᠤ᠂ ᠵᠣᠬᠢᠶᠠᠨ ᠪᠠᠶᠢᠭᠤᠯᠵᠤ ᠪᠠᠶᠢᠷᠢᠯᠠᠭᠤᠯᠬᠤ ᠪᠠ ᠬᠢᠨᠠᠨ | ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠪᠴᠢᠶ᠎ᠠ ᠪᠠᠶᠢᠭᠤᠯᠭ᠎ᠠ ᠡᠯ᠎ᠡ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ ᠰᠢᠭᠤᠳ ᠬᠠᠷᠢᠶ᠎ᠠ | ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠠᠮᠢᠶ᠎ᠠ | ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠵᠡᠷᠭᠡ 62 ᠬᠦᠮᠦᠰ ᠬᠤᠷᠠᠯ ᠳᠤ ᠣᠷᠣᠯᠴᠠᠵᠠᠶ᠃ |