| ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ ᠠᠷᠠᠯᠵᠢᠶ᠎ᠠ | ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ︾ ᠲᠥᠷᠥ ᠶᠢᠨ ᠪᠣᠳᠣᠯᠭ᠎ᠠ ᠶᠢ ᠴᠤᠤᠷᠢᠶᠠᠲᠤᠨ ᠳᠠᠭᠠᠵᠤ᠂ ᠵᠠᠬ᠎ᠠ | ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠵᠤ᠂ ︽ᠵᠣᠭᠰᠤᠩᠬᠢᠷᠠᠭᠰᠠᠨ ᠠᠵᠤ ᠠᠬᠤᠶᠢᠯᠠᠯ︾ ᠢ | ᠠᠯᠪᠠᠳᠠᠯᠭ᠎ᠠ ᠪᠠᠷ ᠪᠤᠴᠠᠭᠠᠵᠤ ᠭᠠᠷᠭᠠᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠯᠭᠡᠬᠦ ᠶᠢᠨ ᠲᠥᠯᠥᠭᠡ᠂ ︽ | ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠶᠢᠨ ᠠᠵᠤ ᠠᠬᠤᠶᠢᠯᠠᠯ ᠢ ᠲᠤᠰᠬᠠᠢ ᠵᠦᠢᠯ ᠢᠶᠠᠷ ᠢᠯᠭᠠᠷᠠᠭᠤᠯᠬᠤ ᠠᠵᠢᠯ ᠥᠷᠨᠢᠭᠦᠯᠬᠦ | ᠲᠤᠬᠠᠢ ᠮᠡᠳᠡᠭᠳᠡᠯ︾ ᠤᠨ ᠤᠯᠠᠭᠠᠨᠬᠠᠳᠠ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠠᠵᠤ ᠠᠬᠤᠶᠢᠯᠠᠯ ᠤᠨ ᠬᠢᠨᠠᠯᠲᠠ ᠲᠠᠯᠪᠢᠬᠤ ᠦᠰᠦᠭ ︹2017︺ 165 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠬᠠᠷᠢᠶ᠎ᠠ ᠣᠷᠣᠨ ᠤ ᠪᠠᠨ | ᠳᠣᠲᠣᠷᠠᠬᠢ ᠬᠤᠶᠠᠷ ᠵᠢᠯ ᠳᠤ ᠬᠠᠤᠯᠢ ᠶᠣᠰᠣᠭᠠᠷ ᠮᠡᠳᠡᠭᠦᠯᠦᠨ ᠬᠦᠷᠭᠡᠭᠰᠡᠨ ᠦᠭᠡᠢ ᠠᠵᠤ ᠠᠬᠤᠶᠢᠯᠠᠯ ᠳᠤ ᠲᠤᠰᠬᠠᠢ | ᠵᠦᠢᠯ ᠤᠨ ᠢᠯᠭᠠᠷᠠᠭᠤᠯᠤᠯᠲᠠ ᠬᠢᠵᠦ᠂ ᠢᠯᠭᠠᠷᠠᠭᠤᠯᠬᠤ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠨᠢ | 2025 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠠᠤᠬᠠᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠲᠠᠰᠤᠭ ᠲᠠᠢ ᠬᠠᠷᠢᠯᠴᠠᠵᠤ᠂ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠵᠡᠷᠭᠡ ᠪᠠᠶᠢᠳᠠᠯ ᠳᠤ ᠲᠣᠳᠣᠷᠬᠠᠶᠢᠯᠠᠯᠲᠠ ᠬᠢᠬᠦ | ᠬᠡᠷᠡᠭᠲᠡᠢ᠃ ᠬᠤᠭᠤᠴᠠᠭ᠎ᠠ ᠬᠡᠲᠦᠷᠡᠪᠡᠯ᠂ ᠮᠠᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ | ᠳᠠᠩᠰᠠᠯᠠᠯ ᠤᠨ ᠬᠠᠮᠢᠶᠠᠷᠤᠯᠲᠠ ᠶᠢᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ︾᠂ ︽ᠬᠤᠪᠢ ᠬᠥᠮᠦᠨ ᠤ | ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠵᠢᠴᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠦ ᠬᠥᠮᠦᠨ ᠢ | ᠳᠠᠩᠰᠠᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠡᠵᠡᠩᠨᠡᠯᠲᠡ ᠶᠢᠨ | ᠦᠨᠡᠮᠯᠡᠯ ᠢ ᠬᠤᠷᠢᠶᠠᠨ ᠠᠪᠴᠤ ᠬᠦᠴᠦᠨ ᠥᠬᠡᠶ ᠪᠣᠯᠭᠠᠨ᠎ᠠ᠃ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠬᠠᠷᠢᠯᠴᠠᠬᠤ ᠤᠲᠠᠰᠤ᠄ 0476— | 4669061 | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠠᠵᠢᠯᠯᠠᠬᠤ ᠭᠠᠵᠠᠷ᠄ ᠠᠤᠬᠠᠨ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 307 ᠲᠠᠰᠤᠭ | ᠣᠨᠴᠠᠭᠠᠶᠢᠯᠠᠨ ᠵᠠᠷᠯᠠᠨ ᠨᠡᠶᠢᠲᠡᠯᠡᠪᠡ᠃ | ᠳᠠᠭᠠᠯᠳᠤᠭᠤᠯᠤᠯ᠄ ᠠᠤᠬᠠᠨ ᠬᠤᠰᠢᠭᠤᠨ ᠤ ᠤᠷᠲᠤ ᠬᠤᠭᠤᠴᠠᠭ᠎ᠠ ᠪᠠᠷ ᠠᠵᠢᠯ ᠵᠣᠭᠰᠣᠵᠤ ᠡᠵᠡᠩᠨᠡᠯᠲᠡ ᠦᠭᠡᠢ | ᠠᠵᠤ ᠠᠬᠤᠶᠢᠯᠠᠯ ᠢ ᠢᠯᠭᠠᠷᠠᠭᠤᠯᠬᠤ ᠨᠡᠷᠡᠰ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ | ᠠᠯᠪᠠᠨ ᠰᠦᠯᠵᠢᠶ᠎ᠡ ᠠᠴᠠ ᠦᠵᠡᠭᠡᠷᠡᠢ ︕ | ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2025 ᠣᠨ ᠤ 1 ᠰᠠᠷ᠎ᠠ ᠶᠢᠨ 10 ᠤ ᠡᠳᠦᠷ |