ᠮᠠᠨ ᠤ ᠬᠤᠰᠢᠭᠤ 2025 ᠣᠨ ᠳᠤ ᠤᠯᠤᠰ ᠤᠨ ᠦᠮᠴᠢᠯᠡᠯᠲᠦ ᠭᠠᠵᠠᠷ ᠰᠢᠷᠣᠶ ᠶᠢᠨ ᠫᠠᠶᠢᠰᠠ ᠡᠯᠭᠦᠭᠰᠡᠨ ᠨᠢ ᠠᠮᠵᠢᠯᠲᠠ ᠣᠯᠪᠠ
ᠨᠡᠶᠢᠲᠡᠯᠡᠭᠰᠡᠨ ᠴᠠᠭ᠄
2025/1/16
     2025 ᠣᠨ ᠤ 1 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠰᠢᠰᠲ᠋ᠧᠮ ᠢᠶᠠᠷ ᠳᠡᠮᠵᠢᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢ ᠠᠮᠵᠢᠯᠲᠠ ᠲᠠᠢ ᠪᠠᠷ ᠦᠨ᠎ᠡ ᠬᠠᠶᠠᠯᠴᠠᠨ ᠬᠤᠳᠠᠯᠳᠤᠪᠠ᠃ ᠲᠣᠰ ᠭᠠᠵᠠᠷ ᠨᠢ ᠰᠢᠨ ᠾᠦᠢ ᠬᠤᠲᠠ ᠲᠣᠭᠤᠷᠢᠭ ᠤᠨ ᠰᠢᠨ ᠵᠦᠩ ᠵᠡᠭᠡᠯᠢ ᠶᠢᠨ ᠰᠢ ᠵᠢᠶᠠᠨ ᠴᠢᠶᠣᠤ ᠵᠠᠮ ᠤᠨ ᠬᠤᠶᠢᠲᠤ ᠲᠠᠯ᠎ᠠ ᠳᠤ ᠪᠠᠶᠢᠷᠢᠯᠠᠵᠤ᠂ ᠲᠠᠯᠠᠪᠠᠢ ᠨᠢ 12142.06 ᠲᠡᠭᠰᠢ ᠳᠥᠷᠪᠡᠯᠵᠢᠨ ᠮᠧᠲᠷ ᠪᠠᠶᠢᠵᠤ᠂ ᠭᠠᠵᠠᠷ ᠰᠢᠷᠣᠢ  ᠶᠢ ᠣᠷᠣᠨ ᠰᠠᠭᠤᠴᠠ ᠳᠤ ᠬᠡᠷᠡᠭᠯᠡᠬᠦ ᠪᠠᠷ ︵ᠲᠣᠬᠢᠷᠠᠭᠤᠯᠤᠨ ᠪᠠᠶᠢᠭᠤᠯᠪᠠ︶ ᠪᠠᠶᠢᠵᠤ᠂ ᠠᠩᠬᠠᠨ ᠤ ᠬᠠᠶᠠᠯᠴᠠᠭᠰᠠᠨ ᠦᠨ᠎ᠡ ᠨᠢ 1457.1 ᠲᠦᠮᠡᠨ ᠲᠥᠭᠦᠷᠢᠭ ᠪᠣᠯᠤᠨ᠎ᠠ᠃ 67 ᠤᠳᠠᠭᠠᠨ ᠤ ᠥᠷᠢᠰᠥᠯᠳᠦᠭᠡᠨ ᠢᠶᠠᠷ ᠳᠠᠮᠵᠢᠨ᠂ ᠳᠠᠭᠠᠭᠠᠴᠢᠯᠠᠯᠲᠠ ᠣᠯᠤᠭᠰᠠᠨ ᠺᠣᠮᠫᠠᠨᠢ 2157.1 ᠲᠦᠮᠡᠨ ᠲᠥᠭᠦᠷᠢᠭ ᠢᠶᠠᠷ ᠲᠣᠰ ᠭᠠᠵᠠᠷ ᠰᠢᠷᠣᠶ ᠶᠢ ᠥᠷᠢᠰᠥᠯᠳᠦᠵᠦ᠂ 700 ᠲᠦᠮᠡᠨ ᠲᠥᠭᠦᠷᠢᠭ ᠤᠨ ᠥᠷᠲᠡᠭ ᠨᠡᠮᠡᠭᠳᠡᠪᠡ᠃ ᠲᠣᠰ ᠬᠡᠰᠡᠭ ᠭᠠᠵᠠᠷ ᠰᠢᠷᠣᠶ ᠶᠢ ᠠᠮᠵᠢᠯᠲᠠ ᠲᠠᠢ ᠬᠤᠳᠠᠯᠳᠤᠭᠰᠠᠨ ᠨᠢ ᠮᠠᠨ ᠤ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号