| 2025 ᠣᠨ ᠤ 1 ᠰᠠᠷ᠎ᠠ ᠶᠢᠨ 15 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠷᠠᠯᠵᠢᠶᠠᠨ ᠤ | ᠳᠡᠳᠭᠦᠮᠵᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠽᠧᠩ ᠯᠢ᠂ ᠪᠥᠬᠦ ᠤᠯᠤᠰ ᠤᠨ ᠮᠠᠯ ᠠᠵᠤ ᠠᠬᠤᠶ ᠶᠢᠨ | ᠶᠡᠷᠦᠩᠬᠡᠶ ᠥᠷᠲᠡᠭᠡ ᠶᠢᠨ ᠳᠡᠳ᠋ ᠳᠠᠷᠤᠭ᠎ᠠ ᠽᠦᠸᠧ ᠯᠢᠩ ᠯᠢᠩ ᠵᠡᠷᠭᠡ 9 ᠤᠳᠤᠷᠢᠳᠤᠯᠭ᠎ᠠ ᠪᠠᠷ ᠪᠦᠷᠢᠯᠳᠦᠭᠰᠡᠨ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠤᠨ ᠶᠡᠷᠦᠩᠬᠡᠶ ᠮᠠᠯ ᠠᠵᠤ ᠠᠬᠤᠶᠢᠴᠢᠨ ᠭᠦᠸᠧ ᠷᠦᠩ ᠴᠢᠨ ᠵᠡᠷᠭᠡ ᠶᠢᠨ ᠪᠠᠷ᠎ᠠ | ᠪᠣᠯᠣᠯᠭ᠎ᠠ ᠳᠣᠣᠷ᠎ᠠ ᠮᠠᠨ ᠤ ᠬᠤᠰᠢᠭᠤᠨ ᠳᠤ ᠢᠷᠡᠵᠦ ᠢᠳᠡᠰᠢᠨ ᠦᠬᠡᠷ ᠤᠨ ᠠᠵᠤ ᠦᠢᠯᠡᠰ ᠤᠨ ᠪᠠᠶᠢᠳᠠᠯ ᠢ | ᠭᠦᠨᠵᠡᠭᠡᠶ ᠣᠶᠢᠯᠠᠭᠠᠵᠤ᠂ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬ᠎ᠠ ᠶᠢ ᠪᠠᠲᠤᠯᠠᠬᠤ ᠬᠠᠮᠢᠶ᠎ᠠ ᠪᠥᠬᠦᠶ | ᠠᠵᠢᠯ ᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠪᠠ᠃ ᠤᠯᠠᠭᠠᠨᠬᠠᠳᠠ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠶᠢᠨ ᠬᠤᠸᠠᠨ᠂ ᠠᠤᠬᠠᠨ ᠬᠤᠰᠢᠭᠤᠨ ᠤ | ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠤᠤ᠂ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ ᠵᠥᠩ ᠤᠣ ᠢᠳᠡᠭᠡᠨ ᠤ ᠬᠢᠵᠠᠭᠠᠷᠲᠤ | ᠺᠣᠮᠫᠠᠨᠢ ᠳᠤ ᠭᠦᠨᠵᠡᠭᠡᠶᠢᠷᠡᠵᠦ᠂ ᠢᠳᠡᠰᠢᠨ ᠦᠬᠡᠷ ᠨᠢᠲᠤᠯᠵᠤ ᠡᠳ᠋ᠰᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ | ᠦᠢᠯᠡᠳᠪᠦᠷᠢᠯᠡᠯ ᠤᠨ ᠦᠷ᠎ᠡ ᠠᠰᠢᠭ ᠵᠡᠷᠭᠡ ᠡᠯ᠎ᠡ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠯᠪᠣᠭᠳᠠᠯ ᠪᠥᠬᠦᠶ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠠᠬᠤᠶᠢᠯᠠᠯ ᠤᠨ | ᠡᠵᠡᠩᠨᠡᠯᠲᠡ ᠶᠢᠨ ᠵᠠᠭᠪᠤᠷ᠂ ᠠᠵᠤ ᠦᠢᠯᠡᠰ ᠤᠨ ᠬᠡᠪᠴᠢᠶ᠎ᠡ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ | ᠬᠤᠰᠢᠭᠤᠨ ᠤ ᠢᠳᠡᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠭᠦᠢᠴᠡᠳ ᠨᠤᠲᠠᠯᠠᠭᠰᠠᠨ ᠪᠥᠭᠡᠳ | ᠣᠳᠣᠬᠠᠨ ᠤ ᠢᠳᠡᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠪᠣᠭᠤᠮᠢ ᠵᠢᠴᠢ | ᠬᠦᠴᠢᠷᠳᠡᠯ ᠳᠤ ᠪᠣᠳᠠᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ | ᠲᠣᠬᠢᠶᠠᠯ ᠪᠣᠯᠭᠠᠵᠤ᠂ ᠤᠯᠤᠰ ᠤᠨ ᠢᠳᠡᠰᠢᠨ ᠦᠬᠡᠷ ᠤᠨ ᠠᠵᠤ ᠦᠢᠯᠡᠰ ᠤᠨ ᠶᠡᠷᠦᠩᠬᠡᠶ ᠵᠢᠯᠣᠭᠤᠳᠬᠤ | ᠴᠢᠭᠯᠡᠯᠲᠡ ᠶᠢᠨ ᠲᠣᠭᠤᠷᠢᠨ ᠳᠤ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠢᠳᠡᠰᠢᠨ ᠦᠬᠡᠷ | ᠲᠡᠵᠢᠭᠡᠨ ᠦᠷᠡᠵᠢᠭᠦᠯᠬᠦ ᠶᠢ ᠲᠡᠳᠬᠦᠬᠦ ᠡᠷᠴᠢᠮ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠪᠠᠷ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ |