ᠠᠤᠬᠠᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2025/1/17
   1 ᠰᠠᠷ᠎ᠠ ᠶᠢᠨ 15 ᠤ ᠡᠳᠦᠷ᠂ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠠᠴᠠ ᠨᠢᠭᠡᠳᠦᠭᠡᠷ ᠤᠯᠠᠷᠢᠯ ᠵᠢᠴᠢ ᠴᠠᠭᠠᠨ ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠬᠤᠷᠠᠯ ᠳᠤ ᠣᠷᠣᠯᠴᠠᠭᠰᠠᠳ ᠨᠢ ᠪᠠᠶᠢᠭᠤᠯᠭ᠎ᠠ ᠶᠢᠨ ᠪᠥᠬᠦ ᠠᠵᠢᠯᠲᠠᠨ ᠠᠵᠢᠯᠴᠢᠨ᠂ ᠡᠯ᠎ᠡ ᠵᠠᠮ ᠤᠨ ᠲᠠᠰᠤᠭ ᠤᠨ ᠳᠠᠷᠤᠭ᠎ᠠ᠂ ᠮᠠᠰᠢᠨ ᠮᠧᠬᠠᠨᠢᠭ ᠤᠨ ᠠᠩᠭᠢ ᠶᠢᠨ ᠳᠠᠷᠤᠭ᠎ᠠ᠂ ᠲᠣᠭᠠᠴᠠᠭ᠎ᠠ ᠬᠢᠭᠴᠢ ᠵᠢᠴᠢ ᠰᠢᠤᠳᠠᠨ ᠤ ᠲᠦᠷᠭᠡᠨ ᠬᠦᠷᠭᠡᠯᠲᠡ ᠪᠠ ᠢᠯᠡᠭᠡᠨ ᠬᠦᠷᠭᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠮᠤᠷ ᠲᠦᠪᠰᠢᠨ ᠠᠵᠢᠯᠲᠠᠨ ᠢ  ᠪᠠᠭᠲᠠᠭᠠᠪᠠ᠃    ᠬᠤᠷᠠᠯ ᠠᠴᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂ 1 ᠳ᠋ᠦ᠋ᠭᠡᠷ ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠪᠣᠯᠪᠠᠰᠤᠷᠠᠯ ᠳᠤ ᠣᠷᠤᠯᠴᠠᠬᠤ ᠬᠡᠯᠪᠡᠷᠢ ᠪᠠᠷ ︽ᠰᠢᠤᠳᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ  ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠪᠠ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠵᠦᠭᠯᠡᠭᠦᠷ ᠲᠤ  ᠪᠣᠯᠪᠠᠰᠤᠷᠠᠯ ᠬᠢᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠬᠢᠭᠡᠳ ᠲᠤᠬᠠᠶᠢᠯᠠᠭᠰᠠᠨ ᠠᠵᠢᠯ ᠢ ᠵᠡᠷᠭᠡ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠭᠤᠤᠯᠳᠠᠯᠭ᠎ᠠ ᠲᠠᠢ ᠵᠠᠮ ᠤᠨ ᠬᠡᠰᠡᠭ ᠢ ᠠᠷᠠᠴᠢᠯᠠᠨ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠵᠠᠮ ᠤᠨ ᠨᠢᠭᠤᠷ ᠮᠥᠰᠥ ᠴᠠᠰᠤ ᠶᠢ ᠴᠠᠭ ᠲᠤᠬᠠᠶ ᠳᠤᠨᠢ ᠠᠷᠢᠯᠭᠠᠵᠤ᠂ ᠮᠠᠰᠢᠨ ᠲᠥᠬᠦᠭᠡᠷᠦᠮᠵᠢ ᠪᠠ ᠵᠢᠯᠣᠭᠤᠴᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠡᠯ᠎ᠡ ᠠᠩᠭᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠥᠪᠡᠰᠦᠪᠡᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠱᠠᠯᠠᠪᠳᠠᠭᠤᠯᠤᠨ ᠪᠠᠶᠢᠴᠠᠭᠠᠬᠤ ᠬᠡᠷᠡᠭᠲᠡᠶ︔ ᠠᠯᠪᠠᠨ ᠬᠤᠨᠤᠭ ᠤᠨ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠴᠢᠩᠭᠠᠳᠬᠠᠵᠤ᠂ ᠨᠡᠭᠦᠷᠡᠰᠦ᠂ ᠴᠠᠬᠢᠯᠭᠠᠨ᠂ ᠬᠡᠢ᠂ ᠳᠤᠯᠠᠭᠠᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠴᠢᠬᠤᠯᠠ ᠣᠷᠣᠨ ᠪᠠᠶᠢᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠡᠯ᠎ᠡ ᠠᠩᠭᠢ᠂ ᠰᠢᠤᠳᠠᠨ ᠤ ᠲᠦᠷᠭᠡᠨ ᠬᠦᠷᠭᠡᠯᠲᠡ ᠪᠠ ᠢᠯᠡᠭᠡᠵᠦ ᠬᠦᠷᠭᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠪᠠ ᠴᠠᠭᠠᠨ ᠰᠠᠷ᠎ᠠ ᠶᠢᠨ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠴᠠᠭᠠᠨ ᠰᠠᠷ᠎ᠠ ᠶᠢᠨ ᠵᠥᠭᠡᠭᠡᠪᠦᠷᠢ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号