| 1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠴᠠᠩ | ᠱᠠᠨ ᠨᠠᠷ ᠰᠢᠩ ᠯᠦᠩ ᠸᠠ ᠪᠠᠯᠭᠠᠰᠤᠨ ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠪᠣᠯᠭᠤᠭᠠᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠣᠯᠠᠨ ᠲᠦᠮᠡᠨ ᠪᠠ | ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢᠯᠠᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | | | | ᠬᠦᠷᠦᠭᠰᠡᠨ ᠭᠠᠵᠠᠷ ᠪᠣᠯᠭᠠᠨ ᠳᠤ᠂ ᠲᠣᠬᠤᠨᠢᠭᠤᠯᠬᠤ ᠳᠤᠭᠤᠶᠢᠯᠠᠩ ᠴᠥᠮ ᠲᠡᠳᠡᠨ ᠤ ᠠᠮᠢᠳᠤᠷᠠᠯ ᠤᠨ ᠪᠠᠶᠢᠳᠠᠯ | ᠪᠣᠯᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ | ᠬᠦᠴᠢᠷᠳᠡᠯ ᠢ ᠰᠣᠨᠣᠰᠴᠤ᠂ ᠲᠡᠳᠡᠨ ᠳᠤ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠶᠢ ᠰᠠᠨᠠᠭᠤᠯᠬᠤ ᠶᠢᠨ | ᠬᠠᠮᠲᠤ ᠲᠡᠳᠡᠨ ᠳᠤ ᠲᠣᠬᠤᠨᠢᠭᠤᠯᠬᠤ ᠮᠥᠩᠭᠦ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | | | | ᠰᠢᠩ ᠯᠦᠩ ᠸᠠ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠵᠠᠩ ᠴᠢ ᠬᠠᠩ ᠨᠠᠰᠤᠲᠠᠨ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠠᠶᠢᠷᠢ ᠶᠢᠨ ᠭᠡᠷ ᠪᠣᠯᠤᠨ | ᠬᠤᠭᠤᠯᠠᠨ ᠭᠡᠷ ᠲᠤ ᠬᠦᠷᠴᠦ᠂ ᠨᠠᠰᠤᠲᠠᠶᠢᠴᠤᠳ ᠤᠨ ᠣᠷᠣᠨ ᠰᠠᠭᠤᠴᠠ ᠪᠣᠯᠤᠨ ᠢᠳᠡᠭᠡᠨ ᠤᠮᠳᠠᠭᠠᠨ ᠤ ᠣᠷᠴᠢᠨ | ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃ | ᠲᠡᠷᠡ ᠠᠵᠢᠯᠲᠠᠳ ᠲᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠴᠠᠭ ᠢᠮᠠᠭᠲᠠ ᠠᠩᠬᠠᠷᠴᠤ | ᠂ ᠨᠠᠰᠤᠲᠠᠶᠢᠴᠤᠳ ᠨᠢᠭᠡᠪᠦᠷᠢ ᠶᠢ ᠰᠡᠳᠬᠢᠯ ᠲᠠᠯᠪᠢᠨ ᠰᠠᠶᠢᠲᠤᠷ ᠬᠠᠷᠠᠭᠠᠯᠵᠠᠵᠤ᠂ ᠨᠠᠰᠤᠲᠠᠨ ᠢ ᠣᠷᠣᠨ | ᠰᠠᠭᠤᠴᠠ ᠲᠠᠢ ᠪᠣᠯᠭᠠᠬᠤ᠂ ᠨᠠᠰᠤᠲᠠᠨ ᠢ ᠪᠠᠶᠠᠷ ᠪᠠᠶᠠᠰᠬᠤᠯᠠᠩ ᠲᠠᠢ ᠪᠠᠶᠢᠯᠭᠠᠬᠤ᠂ ᠨᠠᠰᠤᠲᠠᠨ ᠢ ᠰᠠᠨᠠᠭ᠎ᠠ ᠠᠮᠤᠷ | ᠪᠠᠶᠢᠯᠭᠠᠬᠤ ᠬᠡᠷᠡᠭᠲᠡᠢ ᠭᠡᠵᠦ ᠵᠠᠬᠢᠪᠠ᠃ | | | | | ᠲᠣᠬᠤᠨᠢᠭᠤᠯᠭ᠎ᠠ ᠳᠠᠭᠤᠰᠤᠭᠰᠠᠨ ᠤ ᠳᠠᠷᠠᠭ᠎ᠠ᠂ ᠵᠠᠩ ᠴᠢ ᠬᠠᠩ ᠨᠠᠷ ᠳ᠋ᠠ ᠳ᠋ᠢᠶᠠᠨ ᠽᠢ ᠲᠣᠰᠬᠤᠨ ᠤ ᠤᠢ | ᠰᠢᠭᠤᠢ ᠶᠢ ᠬᠠᠮᠠᠭᠠᠯᠠᠵᠤ ᠭᠠᠯ ᠰᠡᠷᠭᠡᠶᠢᠯᠡᠬᠦ ᠬᠠᠷᠠᠭᠤᠯ ᠤᠨ ᠭᠠᠵᠠᠷ ᠲᠤ ᠭᠦᠨᠵᠡᠭᠡᠶᠢᠷᠡᠨ ᠤᠢ ᠰᠢᠭᠤᠢ ᠶᠢ ᠬᠠᠮᠠᠭᠠᠯᠠᠵᠤ | ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ᠃ ᠣᠶ ᠰᠢᠭᠤᠶ ᠬᠠᠮᠠᠭᠠᠯᠠᠬᠤ ᠡᠳᠦᠷ ᠤᠨ ᠲᠡᠮᠳᠡᠭᠯᠡᠯ᠂ | ᠰᠠᠨᠠᠭᠠᠴᠢᠯᠠᠭ᠎ᠠ ᠶᠢᠨ ᠪᠢᠴᠢᠭ ᠪᠠ ᠲᠡᠮᠳᠡᠭᠯᠡᠯ ᠤᠨ ᠬᠦᠰᠦᠨᠦᠭᠲᠦ ᠶᠢ ᠤᠷᠪᠠᠭᠤᠯᠤᠨ ᠦᠵᠡᠬᠦ ᠪᠠᠷ ᠳᠠᠮᠵᠢᠭᠤᠯᠤᠨ᠂ ᠣᠶ | ᠰᠢᠭᠤᠶ ᠬᠠᠮᠠᠭᠠᠯᠠᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠪᠠᠶᠢᠳᠠᠯ ᠪᠠ ᠠᠮᠢᠳᠤᠷᠠᠯ ᠤᠨ | ᠬᠡᠷᠡᠭᠴᠡᠭᠡ ᠶᠢ ᠣᠶᠢᠯᠠᠭᠠᠪᠠ᠃ ᠵᠠᠩ ᠴᠢ ᠬᠠᠩ ᠠᠴᠠ᠂ ᠣᠳᠣᠬᠠᠨ ᠳᠤ ᠬᠤᠷ᠎ᠠ ᠲᠣᠨᠣᠳᠠᠰᠤ ᠶᠢᠨ ᠬᠡᠮᠵᠢᠶ᠎ᠡ ᠪᠠᠭ᠎ᠠ᠂ | ᠠᠭᠤᠷ ᠠᠮᠢᠰᠬᠤᠯ ᠭᠠᠩ ᠬᠠᠭᠤᠷᠠᠶ᠂ ᠰᠢᠩ ᠯᠦᠩ ᠸᠠ ᠪᠠᠯᠭᠠᠰᠤᠨ ᠤ ᠣᠶ ᠮᠣᠳᠣ ᠣᠯᠠᠨ᠂ ᠣᠶ ᠰᠢᠭᠤᠶ ᠶᠢ | ᠬᠠᠮᠠᠭᠠᠯᠠᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ | ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠢ ᠰᠢᠭᠤᠢ ᠶᠢᠨ ᠭᠠᠯ ᠤᠨ ᠭᠠᠮᠰᠢᠭ ᠡᠭᠦᠰᠬᠦ | ᠦᠭᠡᠢ ᠪᠠᠶᠢᠬᠤ ᠶᠢ ᠪᠠᠲᠤᠯᠠᠵᠤ᠂ ᠡᠨᠡᠬᠦ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠰᠠᠶᠢᠲᠤᠷ ᠬᠠᠮᠠᠭᠠᠯᠠᠵᠤ᠂ | ᠠᠷᠠᠳ ᠤᠯᠠᠨ ᠳᠤ ᠠᠮᠤᠷ ᠲᠦᠪᠰᠢᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠡᠭᠦᠳᠴᠦ | ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | | | |