| ᠬᠠᠷᠢᠶᠠᠲᠤ ᠣᠷᠣᠨ ᠤ ᠣᠯᠠᠨ ᠲᠦᠮᠡᠨ ᠤ ︽ᠵᠣᠭᠤᠰᠣᠨ ᠤᠭᠤᠲᠠ︾ ᠪᠣᠯᠤᠨ ︽ᠠᠮᠢᠨ ᠰᠤᠳᠠᠰᠤ︾ ᠶᠢ | ᠰᠠᠬᠢᠨ ᠬᠠᠮᠠᠭᠠᠯᠠᠬᠤ ᠶᠢᠨ ᠲᠥᠯᠥᠭᠡ᠂ ᠶᠢᠨ ᠴᠠᠩ ᠭᠧᠤ ᠯᠢᠶᠠᠩ ᠪᠠᠯᠭᠠᠰᠤ ᠰᠠᠨᠠᠭᠠᠴᠢᠯᠠᠭ᠎ᠠ ᠠᠴᠠ ᠪᠠᠨ ᠳᠠᠭᠠᠷᠢᠯᠲᠠ | ᠬᠢᠵᠦ᠂ ᠬᠤᠶᠠᠷ ᠲᠠᠯ᠎ᠠ ᠪᠠᠷ ᠵᠡᠷᠭᠡᠪᠡᠷ ᠬᠠᠮᠢᠶᠠᠷᠴᠤ᠂ ᠨᠢᠭᠡ ᠲᠠᠯ᠎ᠠ ᠪᠠᠷ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ | ᠠᠵᠢᠯ ᠢ ᠠᠳᠬᠤᠵᠤ᠂ ᠨᠥᠭᠦᠭᠡ ᠲᠠᠯ᠎ᠠ ᠪᠠᠷ ᠬᠤᠸᠠᠷ ᠫᠤᠤᠵᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢ | ᠠᠳᠬᠤᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ | ᠪᠥᠬᠦ ᠲᠠᠯ᠎ᠠ ᠪᠠᠷ ᠪᠣᠶ ᠪᠣᠯᠭᠠᠨ᠎ᠠ᠃ | ᠤᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠮᠡᠬᠡᠯᠡᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ | ᠴᠣᠭᠴᠠᠯᠠᠨ᠎ᠠ | ᠣᠳᠣ ᠴᠠᠭ ᠤᠨ ᠮᠡᠬᠡᠯᠡᠯ ᠤᠨ ᠠᠷᠭ᠎ᠠ ᠪᠠᠷᠢᠯ ᠳᠦᠷᠰᠦ ᠪᠠᠶᠢᠳᠠᠯ ᠨᠢ ᠰᠢᠨᠡᠳᠴᠦ᠂ ᠬᠦᠮᠦᠰ ᠤᠨ | ᠰᠡᠷᠭᠡᠶᠢᠯᠡᠬᠦ ᠶᠢᠨ ᠠᠷᠭ᠎ᠠ ᠶᠢ ᠪᠠᠷᠠᠭᠳᠠᠭᠤᠯᠳᠠᠭ᠃ ᠶᠢᠨ ᠴᠠᠩ ᠭᠧᠤ ᠯᠢᠶᠠᠩ ᠪᠠᠯᠭᠠᠰᠤ ᠣᠯᠠᠨ ᠲᠦᠮᠡᠨ ᠤ ᠮᠡᠬᠡᠯᠡᠯ ᠢ | ᠰᠡᠷᠭᠡᠶᠢᠯᠡᠬᠦ ︽ᠡᠭᠡᠯᠢᠯᠡᠭᠡ ᠶᠢᠨ ᠴᠢᠳᠠᠪᠤᠷᠢ︾ ᠶᠢ ᠳᠡᠭᠡᠭᠰᠢᠯᠡᠭᠦᠯᠬᠦ ᠶᠢᠨ ᠲᠥᠯᠥᠭᠡ᠂ ᠨᠢᠭᠡ ᠪᠦᠯᠦᠭ ᠥᠪᠡᠷᠮᠢᠴᠡ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ︽ᠮᠡᠬᠡᠯᠡᠯ ᠢ ᠡᠰᠡᠷᠭᠦᠴᠡᠬᠦ ᠬᠠᠮᠠᠭᠠᠯᠠᠭᠴᠢ︾ ᠪᠣᠯᠵᠤ᠂ | ᠵᠡᠭᠡᠯᠢ ᠭᠤᠳᠤᠮᠵᠢ ᠪᠠᠷ ᠭᠠᠷᠴᠤ ᠬᠥᠭᠵᠢᠶᠡᠨ ᠨᠠᠷᠭᠢᠶᠠᠨ ᠲᠠᠢ ᠴᠤᠭᠯᠠᠭ᠎ᠠ ᠮᠠᠶᠢᠮᠠᠶ ᠳᠤ ᠭᠦᠨᠵᠡᠭᠡᠶᠢᠷᠡᠨ᠂ ᠮᠡᠬᠡᠯᠡᠯ ᠢ | ᠡᠰᠡᠷᠭᠦᠴᠡᠬᠦ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠮᠡᠬᠡᠯᠡᠯ ᠤᠨ ᠠᠷᠭ᠎ᠠ | ᠵᠠᠮ ᠢ ᠢᠯᠡᠴᠢᠯᠡᠨ ᠮᠡᠳᠡᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠰᠦᠯᠵᠢᠶᠡᠨ ᠤ ᠬᠠᠭᠤᠳᠠᠰᠤ ᠰᠢᠷᠪᠢᠬᠦ᠂ | ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠮᠡᠬᠡᠯᠡᠯ ᠤᠨ ᠲᠣᠪᠴᠢᠶ᠎ᠠ ᠵᠡᠷᠭᠡ ᠪᠠᠶᠢᠩᠭᠤ ᠲᠣᠬᠢᠶᠠᠯᠳᠤᠳᠠᠭ | ᠮᠡᠬᠡᠯᠡᠯ ᠤᠨ ᠠᠷᠭ᠎ᠠ ᠶᠢ ᠴᠥᠮ ᠨᠢᠭᠡᠳ ᠨᠢᠭᠡ ᠪᠠᠷ ᠵᠠᠳᠠᠯᠪᠠ᠃ ᠠᠵᠢᠯᠲᠠᠳ ᠨᠠᠰᠤᠲᠠᠶᠢᠴᠤᠳ ᠤᠨ ᠬᠠᠮᠲᠤᠯᠢᠭ ᠢ | ᠣᠨᠴᠠᠭᠠᠶ ᠠᠩᠬᠠᠷᠴᠤ᠂ ᠬᠤᠳᠠᠯ ᠶᠠᠷᠢᠶ᠎ᠠ᠂ ᠵᠣᠭᠤᠭ ᠶᠠᠷᠢᠶ᠎ᠠ ᠶᠢᠨ ᠮᠡᠬᠡᠯᠡᠯ ᠢ ᠰᠡᠷᠭᠡᠶᠢᠯᠡᠬᠦ ᠭᠤᠤᠯᠳᠠᠯᠭ᠎ᠠ ᠶᠢᠨ ᠲᠤᠬᠠᠶ | ᠶᠠᠷᠢᠪᠠ᠃ ᠲᠡᠳᠡ ᠨᠠᠰᠤᠳᠠᠨ ᠳᠤ᠂ ᠲᠠᠨᠢᠯ ᠪᠤᠰᠤ ᠤᠲᠠᠰᠤ ᠢᠷᠡᠪᠡᠯ ᠰᠣᠨᠣᠷ ᠰᠡᠷᠡᠮᠵᠢ ᠲᠠᠢ ᠪᠠᠶᠢᠵᠤ᠂ ᠳᠠᠩᠰᠠ | ᠰᠢᠯᠵᠢᠭᠦᠯᠬᠦ᠂ ᠳᠠᠩᠰᠠᠨ ᠤ ᠨᠢᠭᠤᠴᠠ ᠨᠣᠮᠧᠷ ᠲᠤ ᠬᠤᠯᠪᠣᠭᠳᠠᠪᠠᠯ᠂ ᠪᠦᠷ ᠢᠲᠡᠭᠡᠵᠦ ᠪᠣᠯᠬᠤ ᠦᠭᠡᠢ︔ ᠰᠦᠯᠵᠢᠶᠡᠨ | ᠳᠡᠭᠡᠷᠡᠬᠢ ᠲᠠᠨᠢᠯ ᠪᠤᠰᠤ ᠬᠤᠯᠪᠣᠭ᠎ᠠ ᠨᠢ ᠡᠮᠬᠢ ᠵᠠᠮᠪᠠᠷᠠᠭ᠎ᠠ ᠦᠭᠡᠢ᠂ ᠪᠡᠶ᠎ᠡ ᠶᠢᠨ ᠭᠠᠷᠤᠯ ᠲᠣᠳᠣᠷᠬᠠᠶ ᠦᠭᠡᠢ | ᠬᠥᠮᠦᠨ ᠢ ᠳᠤᠷ᠎ᠠ ᠪᠠᠷ ᠢᠶᠠᠨ ᠨᠡᠮᠡᠵᠦ ᠪᠣᠯᠬᠤ ᠦᠭᠡᠢ᠂ ᠥᠪᠡᠷ ᠤᠨ ᠥᠲᠡᠯᠦᠭᠡ ᠨᠠᠰᠤᠨ ᠤ ᠠᠰᠠᠷᠠᠬᠤ ᠵᠣᠭᠤᠰ ᠢᠶᠠᠨ | ᠰᠠᠶᠢᠲᠤᠷ ᠰᠠᠬᠢᠬᠤ ᠬᠡᠷᠡᠭᠲᠡᠶ᠃ ᠠᠵᠢᠯᠲᠠᠳ ᠪᠠᠰᠠ ᠳᠡᠷᠭᠡᠳᠡᠬᠢ ᠦᠨᠡᠨ ᠪᠣᠳᠠᠲᠠᠶ ᠮᠡᠬᠡᠯᠡᠯ ᠤᠨ ᠬᠡᠷᠡᠭ ᠤᠨ ᠵᠢᠱᠢᠶ᠎ᠡ ᠶᠢ | ᠶᠠᠷᠢᠬᠤ ᠪᠠᠷ ᠳᠠᠮᠵᠢᠭᠤᠯᠤᠨ᠂ ᠨᠠᠰᠤᠲᠠᠶᠢᠴᠤᠳ ᠲᠤ ᠮᠡᠬᠡᠯᠡᠯ ᠤᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠠᠶ᠃ | ᠰᠦᠯᠵᠢᠶᠡᠨ ᠭᠠᠳᠠᠨᠠᠬᠢ ᠤᠬᠠᠭᠤᠯᠬᠤ ᠠᠴᠠ ᠭᠠᠳᠠᠨ᠎ᠠ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ | ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠪᠡ᠃ ᠸᠢᠴᠠᠲ ᠤᠨ ᠨᠡᠶᠢᠲᠡ ᠶᠢᠨ ᠳ᠋ᠤᠭᠠᠷ ᠲᠤ ᠮᠡᠬᠡᠯᠡᠯ ᠢ | ᠡᠰᠡᠷᠭᠦᠴᠡᠬᠦ ᠵᠣᠬᠢᠶᠠᠯ᠂ ᠱᠤᠭ ᠵᠢᠷᠤᠭ᠂ ᠸᠢᠳᠢᠣ᠋ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠨ ᠥᠭᠴᠦ᠂ | ᠨᠠᠩ ᠠᠮᠢᠳᠤᠯᠢᠭ ᠪᠥᠭᠡᠳ ᠰᠣᠨᠢᠷᠬᠠᠯᠲᠠᠶ ᠬᠡᠯᠪᠡᠷᠢ ᠪᠠᠷ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠭ ᠲᠦᠮᠡᠨ ᠠᠶᠢᠯ | ᠡᠷᠦᠬᠡ ᠳᠤ ᠬᠦᠷᠭᠡᠵᠦ᠂ ᠣᠯᠠᠨ ᠳᠤ ᠴᠠᠭ ᠢᠮᠠᠭᠲᠠ ᠮᠡᠬᠡᠯᠡᠯ ᠢ ᠰᠡᠷᠭᠡᠶᠢᠯᠡᠬᠦ ᠤᠷ᠎ᠠ ᠮᠡᠷᠭᠡᠵᠢᠯ ᠢ ᠰᠤᠷᠤᠯᠴᠠᠭᠤᠯᠬᠤ | ᠬᠡᠷᠡᠭᠲᠡᠶ ᠭᠡᠵᠦ ᠵᠠᠬᠢᠪᠠ᠃ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠢᠯ ᠤᠨ ᠡᠴᠦᠰ ᠤᠨ ︽ᠬᠤᠸᠠᠷ ᠫᠤᠤᠵᠢᠩ︾ ᠢ ᠰᠠᠬᠢᠨ | ᠬᠠᠮᠠᠭᠠᠯᠠᠨ᠎ᠠ | ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ | ᠬᠥᠭᠵᠢᠶᠡᠨᠲᠡᠶ ᠤᠯᠠᠷᠢᠯ ᠢ ᠤᠭᠲᠤᠨ ᠠᠪᠴᠢᠷᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ | ᠲᠠᠯ᠎ᠠ ᠪᠠᠷ ᠠᠷᠢᠯᠭᠠᠬᠤ ᠶᠢᠨ ᠲᠥᠯᠥᠭᠡ᠂ ᠶᠢᠨ ᠴᠠᠩ ᠭᠸᠦ ᠯᠢᠶᠠᠩ ᠪᠠᠯᠭᠠᠰᠤᠨ ᠳᠤ ᠬᠠᠮᠲᠤᠷᠠᠭᠰᠠᠨ | ᠪᠠᠶᠢᠴᠠᠭᠠᠯᠲᠠ ᠶᠢᠨ ᠡᠩᠨᠡᠭᠡ ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠪᠣᠶ ᠪᠥᠬᠦᠶ ᠬᠤᠸᠠᠷ ᠫᠤᠤᠵᠢᠩ | ᠪᠣᠷᠣᠯᠠᠭᠤᠯᠬᠤ ᠴᠡᠭ ᠲᠤ ︽ᠬᠡᠪᠢᠰ ᠮᠠᠶ᠋ᠢᠭ︾ ᠤᠨ ᠠᠮᠤᠷ ᠲᠦᠪᠰᠢᠨ ᠤ ᠪᠠᠶᠢᠴᠠᠭᠠᠯᠲᠠ ᠬᠢᠪᠠ᠃ ᠪᠣᠷᠣᠯᠠᠭᠤᠯᠬᠤ | ᠴᠡᠭ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠨᠢ ᠪᠦᠷᠢᠨ ᠭᠦᠢᠴᠡᠳ᠂ ᠪᠦᠲᠦᠮᠵᠢᠲᠡᠶ ᠪᠠᠶᠢᠬᠤ ᠡᠰᠡᠬᠦ᠂ | ᠬᠤᠸᠠᠷ ᠫᠤᠤᠵᠢᠩ ᠢ ᠬᠠᠳᠠᠭᠠᠯᠠᠬᠤ ᠨᠢ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠭᠠᠯ ᠢ ᠰᠡᠷᠭᠡᠶᠢᠯᠡᠬᠦ᠂ | ᠴᠢᠭᠢᠭ ᠢ ᠰᠡᠷᠭᠡᠶᠢᠯᠡᠬᠦ᠂ ᠰᠢᠬᠠᠵᠤ ᠳᠠᠷᠤᠬᠤ ᠶᠢ ᠪᠡᠶᠡᠯᠡᠭᠦᠯᠦᠭᠰᠡᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ | ᠃ ᠡᠭᠦᠨ ᠤ ᠬᠠᠮᠲᠤ ᠪᠠᠰᠠ ᠭᠠᠯ ᠤᠨᠲᠠᠷᠠᠭᠠᠬᠤ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠭᠰᠠᠨ ᠡᠰᠡᠬᠦ᠂ ᠬᠡᠪ ᠤᠨ | ᠶᠣᠰᠣᠭᠠᠷ ᠬᠡᠷᠡᠭᠯᠡᠵᠦ ᠴᠢᠳᠠᠬᠤ ᠡᠰᠡᠬᠦ ᠶᠢ ᠨᠠᠷᠢᠨ ᠪᠠᠶᠢᠴᠠᠭᠠᠪᠠ᠃ ᠪᠠᠶᠢᠴᠠᠭᠠᠯᠲᠠ ᠶᠢᠨ ᠬᠠᠮᠲᠤ᠂ ᠠᠵᠢᠯᠲᠠᠳ ᠪᠠᠰᠠ | ᠪᠣᠷᠣᠯᠠᠭᠤᠯᠭ᠎ᠠ ᠶᠢᠨ ᠭᠠᠵᠠᠷ ᠤᠨ ᠬᠠᠷᠢᠭᠤᠴᠠᠯᠭᠠᠲᠠᠨ ᠳᠤ ᠬᠤᠸᠠᠷ ᠫᠤᠤᠵᠢᠩ ᠤᠨ ᠠᠮᠤᠷ ᠲᠦᠪᠰᠢᠨ ᠤ ᠮᠡᠳᠡᠯᠭᠡ | ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠲᠡᠳᠡᠨ ᠢ | ᠪᠣᠷᠣᠯᠠᠭᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠪᠤᠰᠤ ᠦᠢᠯᠡᠳᠬᠦᠨ ᠢᠶᠠᠨ ᠬᠡᠮᠵᠢᠶ᠎ᠡ ᠠᠴᠠ | ᠬᠡᠲᠦᠷᠡᠭᠦᠯᠦᠨ ᠬᠠᠳᠠᠭᠠᠯᠠᠬᠤ ᠦᠭᠡᠢ᠂ ᠪᠣᠷᠣᠯᠠᠭᠤᠯᠬᠤ ᠦᠭᠡᠢ ᠪᠠᠶᠢᠵᠤ᠂ ᠤᠯᠠᠨ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠬᠠᠮᠲᠤᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠲᠣᠰ ᠤᠳᠠᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠪᠠ ᠬᠤᠸᠠᠷ ᠫᠤᠤᠵᠢᠩ ᠤᠨ ᠠᠮᠤᠷ ᠲᠦᠪᠰᠢᠨ ᠤ | ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠣᠯᠠᠨ ᠲᠦᠮᠡᠨ ᠤ ᠮᠡᠬᠡᠯᠡᠯ ᠢ ᠰᠡᠷᠭᠡᠶᠢᠯᠡᠬᠦ | ᠤᠬᠠᠮᠰᠠᠷ ᠪᠠ ᠠᠮᠤᠷ ᠲᠦᠪᠰᠢᠨ ᠤ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠣᠯᠠᠨ ᠤ ᠪᠠᠶᠠᠷ ᠬᠥᠷ ᠲᠠᠢ ᠥᠯᠵᠡᠶ | ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠬᠤᠶᠢᠰᠢᠳᠠ ᠶᠢᠨ | ᠠᠵᠢᠯ ᠤᠨ ᠳᠤᠮᠳᠠ᠂ ᠶᠢᠨ ᠴᠠᠩ ᠭᠸᠦ ᠯᠢᠶᠠᠩ ᠪᠠᠯᠭᠠᠰᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠪᠣᠯᠤᠨ ᠠᠮᠤᠷ | ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ︽ᠣᠯᠵᠤ ᠬᠠᠷᠠᠬᠤ︾ ᠶᠢᠨ ᠰᠠᠬᠢᠨ | ᠬᠠᠮᠠᠭᠠᠯᠠᠯᠲᠠ ᠪᠠᠷ ︽ᠣᠯᠵᠤ ᠬᠠᠷᠠᠬᠤ ᠥᠬᠡᠶ︾ ᠳᠠᠯᠳᠠ ᠬᠡᠮ ᠢ ᠠᠷᠢᠯᠭᠠᠵᠤ᠂ ︽ᠠᠮᠤᠷ ᠲᠦᠪᠰᠢᠨ ᠤ ᠨᠡᠭᠡᠯᠡᠬᠡᠶ︾ | ᠶᠢ ᠤᠯᠠᠮ ᠨᠢᠭᠡ ᠠᠯᠬᠤᠮ ᠴᠢᠩᠭᠠᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |