ᠠᠣᠬᠠᠨ ᠬᠤᠰᠢᠭᠤᠨ ᠤ ᠶᠤᠸᠠᠨ ᠪᠣᠣ ᠱᠠᠨ ᠤ ᠴᠢᠯᠠᠭᠤᠨ ᠪᠣᠯᠠᠰᠢ ᠰᠤᠩᠭᠤᠭᠳᠠᠪᠠ
ᠨᠡᠶᠢᠲᠡᠯᠡᠭᠰᠡᠨ ᠴᠠᠭ᠄
2025/1/21
         ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠳᠤᠮᠳᠠᠲᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠨᠢᠨ ᠤ ᠬᠤᠷᠢᠶ᠎ᠠ ᠪᠣᠯᠤᠨ ᠳᠤᠮᠳᠠᠲᠤ ᠤᠯᠤᠰ ᠤᠨ ᠬᠠᠭᠤᠴᠢ ᠰᠣᠳᠤᠯᠤᠯ ᠤᠨ ᠨᠡᠶᠢᠭᠡᠮᠯᠢᠭ ᠲᠤ ᠨᠠᠶᠢᠳᠠᠵᠤ ᠵᠢᠯ ᠪᠦᠷᠢ ᠪᠦᠬᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ  ᠰᠢᠨ᠎ᠡ ᠢᠯᠡᠷᠡᠭᠦᠯᠦᠯᠲᠡ ᠶᠢ ᠰᠢᠯᠭᠠᠷᠠᠭᠤᠯᠬᠤ ᠠᠵᠢᠯᠯᠠᠭ᠎ᠠ ᠦᠷᠨᠢᠭᠦᠯᠳᠡᠭ ᠃ ᠳᠦᠷᠦᠭᠦᠬᠡᠨ ᠂2024 ᠣᠨ ᠤ ᠪᠦᠬᠦ ᠤᠯᠤᠰ ᠤᠨ ᠠᠷᠪᠠᠨ ᠶᠡᠭᠡ ᠬᠠᠭᠤᠴᠢ ᠰᠣᠳᠤᠯᠤᠯ ᠤᠨ ᠰᠢᠨ᠎ᠡ ᠢᠯᠡᠷᠡᠭᠦᠯᠦᠯᠲᠡ ᠶᠢᠨ ᠠᠩᠬᠠᠨ ᠤ ᠳ᠋ᠦᠩ ᠢ ᠨᠡᠶᠢᠳᠡᠯᠡᠵᠦ᠂ ᠮᠠᠨ ᠤ ᠬᠤᠲᠠ ᠶᠢᠨ ᠠᠣᠬᠠᠨ ᠬᠤᠰᠢᠭᠤᠨ ᠤ ᠶᠤᠸᠠᠨ ᠪᠣᠣ ᠱᠠᠨ ᠤ ᠴᠢᠯᠠᠭᠤᠨ ᠪᠣᠯᠠᠰᠢ ᠰᠤᠩᠭᠤᠭᠳᠠᠵᠠᠢ ᠃
C:\Users\Administrator\Desktop\10.jpg 
  2024 ᠣᠨ ᠤ 5 ᠰᠠᠷ᠎ᠠ ᠳᠤ᠂ ᠬᠠᠮᠲᠤᠷᠠᠭᠰᠠᠨ ᠬᠠᠭᠤᠴᠢ ᠰᠣᠳᠤᠯᠤᠯ ᠤᠨ ᠠᠩᠬᠢ ᠠᠣᠬᠠᠨ ᠬᠤᠰᠢᠭᠤᠨ ᠳᠤ ᠬᠤᠩᠱᠠᠨ ᠰᠣᠶᠤᠯ ᠤᠨ ᠰᠡᠭᠦᠯᠴᠢ ᠶᠢᠨ ᠦᠶ᠎ᠡ ᠶᠢᠨ ᠴᠢᠯᠠᠭᠤᠨ ᠪᠣᠯᠠᠰᠢ ᠶᠢ ᠪᠦᠷᠢᠨ ᠪᠦᠲᠦᠨ ᠢᠶᠠᠷ ᠢᠯᠡᠷᠡᠭᠦᠯᠵᠦ ᠂ ᠵᠠᠭᠤ ᠭᠠᠷᠤᠢ ᠬᠠᠰ ᠴᠢᠯᠠᠭᠤᠨ ᠪᠠᠭᠠᠵᠢ ᠮᠠᠯᠲᠠᠨ ᠭᠠᠷᠭᠠᠵᠤ ᠂ ᠡᠭᠦᠨ ᠳᠤ ᠨᠢᠭᠡ ᠬᠠᠰ ᠯᠤᠤ ᠨᠢ 15.8 ᠰᠡᠨᠲ᠋ᠢᠮᠧᠲᠷ ᠦᠨᠳᠦᠷ ᠂ 9.9 ᠰᠡᠨᠲ᠋ᠢᠮᠧᠲᠷ ᠦᠷᠭᠡᠨ ᠂ 3.3 ᠰᠡᠨᠲ᠋ᠢᠮᠧᠲᠷ  ᠵᠤᠵᠠᠭᠠᠨ ᠪᠣᠯᠬᠤᠷ ᠬᠤᠩᠱᠠᠨ ᠰᠣᠶᠤᠯ ᠤᠨ  ︽ᠬᠠᠮᠤᠭ ᠤᠨ ᠲᠣᠮᠤ ᠬᠠᠰ ᠯᠤᠤ︾ ᠬᠡᠮᠡᠭᠳᠡᠨ ᠂ ᠣᠳᠤᠬᠠᠨ ᠳᠤ ᠦᠪᠦᠷ ᠮᠣᠩᠭᠤᠯ ᠤᠨ ᠮᠦᠽᠧᠢ ᠳᠤ ᠳᠡᠯᠭᠡᠨ ᠦᠵᠡᠭᠦᠯᠵᠦ ᠪᠣᠢ ᠃ ᠲᠤᠰ ᠤᠳᠠᠭᠠᠨ ᠤ ᠮᠠᠯᠲᠠᠯᠲᠠ ᠳᠤ ᠡᠮᠦᠨ᠎ᠡ ᠨᠢ ᠳᠦᠷᠪᠡᠯᠵᠢᠨ ᠬᠤᠶᠢᠨ᠎ᠠ ᠨᠢ ᠲᠣᠭᠤᠷᠢᠭ ᠂ ᠡᠮᠦᠨ᠎ᠡ ᠨᠢ ᠳᠠᠬᠢᠯᠭ᠎ᠠ ᠶᠢᠨ  ᠮᠠᠨᠳᠠᠯ ᠲᠠᠢ ᠬᠤᠶᠢᠨ᠎ᠠ ᠨᠢ ᠪᠣᠯᠠᠰᠢ ᠲᠠᠢ ᠣᠷᠤᠰᠢᠭᠤᠯᠭ᠎ᠠ ᠪᠠ ᠳᠠᠬᠢᠯᠭ᠎ᠠ ᠶᠢ ᠨᠢᠭᠡᠳᠬᠡᠭᠰᠡᠨ ᠪᠠᠷᠢᠯᠭ᠎ᠠ ᠶᠢᠨ ᠦᠯᠡᠳᠡᠭᠳᠡᠯ ᠢ ᠠᠩᠬ᠎ᠠ ᠢᠯᠡᠷᠡᠭᠦᠯᠵᠦ ᠂ ᠲᠤᠰ ᠪᠠᠷᠢᠯᠭ᠎ᠠ ᠶᠢᠨ ᠪᠠᠶᠢᠷᠢᠰᠢᠯ ᠤᠨ ᠣᠨᠴᠠᠯᠢᠭ ᠪᠠ ᠪᠠᠶᠢᠭᠤᠯᠤᠭᠰᠠᠨ ᠳᠡᠰ ᠳᠠᠷᠠᠭᠠᠯᠠᠯ ᠢ ᠦᠨᠳᠦᠰᠦᠨ ᠳᠡᠭᠡᠨ ᠲᠣᠳᠤᠷᠬᠠᠢ ᠣᠯᠵᠤ ᠮᠡᠳᠡᠵᠡᠢ ᠃
 
ᠢᠷᠡᠯᠲᠡ᠄ ᠤᠯᠠᠭᠠᠨᠬᠠᠳᠠ ᠬᠤᠲᠠ ᠶᠢᠨ ᠬᠠᠮ ᠵᠠᠭᠤᠴᠢᠯᠠᠭᠤᠷ ᠤᠨ ᠲᠦᠪ ᠤᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号