| ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ | ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠤᠨ ᠠᠯᠪᠠᠨ ᠮᠡᠳᠡᠭᠡ | ︵2025 ᠣᠨ ᠤ 1 ᠰᠠᠷ᠎ᠠ ᠶᠢᠨ 20 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ | ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠠᠴᠠ ᠪᠠᠲᠤᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ | ᠬᠤᠷᠠᠯ 2025 ᠣᠨ ᠤ 1 ᠰᠠᠷ᠎ᠠ ᠶᠢᠨ 20 ᠤ ᠡᠳᠦᠷ ᠰᠢᠨ ᠾᠦᠢ ᠳᠤ ᠬᠤᠷᠠᠯᠳᠤᠪᠠ᠃ | ᠲᠣᠰ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 33 ᠬᠥᠮᠦᠨ᠂ | ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠬᠤᠰᠢᠭᠤᠨ ᠱᠠᠲᠤᠨ ᠤ ᠬᠠᠮᠢᠶ᠎ᠠ ᠪᠥᠬᠦᠶ ᠤᠳᠤᠷᠢᠳᠬᠤ | ᠨᠥᠬᠦᠳ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠠᠷᠪᠠᠨ | ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ | ᠲᠥᠯᠥᠭᠡᠯᠡᠭᠴᠢ᠂ ᠬᠡᠰᠡᠭ ᠠᠵᠤ ᠠᠬᠤᠶᠢᠯᠠᠯ᠂ ᠬᠤᠷᠰᠢᠶ᠎ᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠵᠠᠶ᠃ | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ | ᠬᠤᠸᠠ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ | ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ | ᠲᠤᠷᠰᠢᠬᠢ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ ᠠᠵᠢᠯ ᠤᠨ ᠭᠤᠤᠯ ᠰᠢᠵᠢᠮ ᠢ ᠡᠷᠡᠰ ᠲᠤᠭᠤᠰᠢᠯᠠᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠲᠤ | ᠬᠦᠴᠦᠲᠡᠶ ᠪᠠᠶᠢᠵᠤ᠂ ᠬᠤᠶᠠᠷ ᠶᠡᠭᠡ ᠶᠠᠪᠤᠳᠠᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ︽ | ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠠᠵᠤ ᠠᠬᠤᠶᠢᠯᠠᠯ ᠢ | ᠲᠣᠭᠲᠠᠭᠤᠨ ᠢᠶᠠᠷ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠤᠯᠤᠰ ᠲᠥᠷᠥ ᠠᠮᠢ ᠠᠬᠤᠶ ᠶᠢ ᠴᠡᠪᠡᠷᠰᠢᠭᠦᠯᠦᠨ | ᠰᠢᠯᠢᠳᠡᠭᠵᠢᠭᠦᠯᠵᠦ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ᠂ ᠰᠢᠨ᠎ᠡ ᠠᠬᠢᠴᠠ ᠲᠠᠢ ᠪᠣᠯᠪᠠ ᠭᠡᠵᠦ | ᠰᠠᠨᠠᠯ ᠨᠢᠭᠡᠲᠡᠶ ᠪᠠᠶᠢᠪᠠ᠃ | ᠪᠥᠬᠦᠳᠡ ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ᠂ ᠪᠥᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠪᠦᠬᠦ | ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠶᠡᠭᠡ ᠦᠢᠯᠡᠰ | ᠪᠦᠲᠦᠭᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠂ ᠭᠦᠨ ᠵᠤᠵᠠᠭᠠᠨ ᠬᠤᠷᠠᠮᠳᠤᠯ | ᠬᠦᠴᠦᠨ ᠤ ᠡᠨᠧᠷᠬᠢ ᠬᠠᠳᠠᠭᠠᠯᠠᠬᠤ ᠬᠦᠴᠦᠨ ᠤ ᠬᠤᠭᠤᠴᠠᠭ᠎ᠠ᠂ ᠤᠷᠤᠭᠰᠢᠯᠠᠬᠤ ᠦᠭᠡᠢ ᠪᠣᠯ ᠤᠬᠤᠷᠢᠬᠤ | ᠬᠡᠯᠪᠡᠷᠢ ᠪᠠᠨ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠶᠢ ᠣᠨᠣᠪᠴᠢᠲᠠᠶ ᠡᠵᠡᠮᠳᠡᠵᠦ᠂ | ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠠᠰᠢᠭ ᠥᠬᠡᠶ ᠨᠥᠯᠥᠭᠡ ᠶᠢ ᠢᠯᠠᠨ ᠳᠠᠪᠠᠵᠤ᠂ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠤᠬᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠨ ᠭᠠᠷᠭᠠᠪᠠ᠃ | ᠪᠥᠬᠦᠳᠡ ᠬᠤᠷᠠᠯ ᠠᠴᠠ᠂ 2025 ᠣᠨ ᠤ ᠪᠥᠬᠦ ᠬᠤᠰᠢᠭᠤᠨ ᠤ ᠠᠵᠢᠯ ᠤᠨ ᠶᠡᠷᠦᠩᠬᠡᠶ ᠰᠡᠳᠬᠢᠴᠡ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ | ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠠᠵᠢᠯᠯᠠᠭ᠎ᠠ︾ ᠪᠣᠯᠤᠨ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠲᠣᠭᠲᠠᠭᠤᠨ | ᠡᠷᠡᠭᠦᠯ ᠢᠶᠠᠷ ᠠᠵᠢᠯᠯᠠᠬᠤ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ | ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠳᠠᠭᠤᠰᠬᠠᠵᠤ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ | ᠭᠡᠵᠦ ᠵᠢᠭᠠᠨ ᠭᠠᠷᠭᠠᠪᠠ᠃ | ᠪᠥᠬᠦᠳᠡ ᠬᠤᠷᠠᠯ ᠠᠴᠠ᠂ ᠡᠨᠡ ᠵᠢᠯ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ | ᠬᠡᠷᠡᠭᠲᠡᠶ᠃ ᠨᠢᠭᠡ ᠳᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠲᠦᠮᠵᠢᠲᠡᠶ ᠪᠠᠯᠠ | ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ︽ᠴᠢᠬᠤᠯᠠ ᠶᠡᠭᠡ ᠲᠥᠷᠥᠯ | ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠ ᠤᠯᠠᠭᠠᠨᠬᠠᠳᠠ ᠬᠤᠲᠠ ᠶᠢᠨ ︽ᠴᠢᠬᠤᠯᠠ ᠶᠡᠭᠡ ᠲᠥᠷᠥᠯ ᠵᠦᠢᠯ ᠤᠨ | ᠬᠥᠲᠥᠯᠦᠨ ᠳᠠᠭᠠᠭᠤᠯᠬᠤ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠣᠷᠴᠢᠨ | ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢᠨ ︽ᠶᠠᠭᠤ ᠣᠷᠤᠭᠤᠯᠬᠤ᠂ ᠬᠡᠷᠬᠢᠨ ᠣᠷᠤᠭᠤᠯᠬᠤ᠂ ᠬᠡᠨ ᠣᠷᠤᠭᠤᠯᠬᠤ︾᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠨᠠᠶᠢᠳᠠᠪᠤᠷᠢᠵᠢᠭᠤᠯᠬᠤ ᠳᠤ ᠬᠦᠴᠢᠷ᠂ ᠠᠬᠢᠭᠤᠯᠬᠤ ᠨᠢ | ᠤᠳᠠᠭᠠᠨ᠂ ᠦᠷ᠎ᠡ ᠪᠦᠲᠦᠮᠵᠢ ᠨᠢ ᠤᠳᠠᠭᠠᠨ︾᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ︽ | ᠨᠦᠭᠦᠴᠡᠯ ᠨᠢ ᠥᠨᠳᠥᠷ᠂ ᠶᠠᠪᠤᠴᠠ ᠨᠢ ᠪᠣᠳᠤᠯᠢᠶᠠᠨᠳᠠᠢ᠂ ᠪᠡᠶᠡᠯᠡᠭᠦᠯᠬᠦ ᠳᠤ ᠬᠦᠴᠢᠷ︾ ᠪᠠᠶᠢᠬᠤ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠤᠯᠠᠨ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ | ᠬᠡᠷᠡᠭᠯᠡᠭᠡᠨ ᠤ ᠳᠠᠯᠳᠠ ᠴᠢᠳᠠᠪᠤᠷᠢ ᠶᠢ ᠬᠦᠴᠦᠯᠡᠨ ᠠᠭᠤᠳᠠᠯᠬᠤ ᠪᠠ ᠪᠠᠳᠠᠷᠠᠭᠤᠯᠤᠨ᠎ᠠ᠃ ᠪᠥᠬᠦ ᠬᠤᠰᠢᠭᠤᠨ ᠤ ᠬᠥᠮᠦᠨ | ᠠᠮᠠ ᠶᠢᠨ ᠲᠤᠭ᠎ᠠ ᠬᠡᠮᠵᠢᠶ᠎ᠡ ᠪᠠᠷ ᠣᠯᠠᠨ᠂ ᠵᠠᠬ᠎ᠠ ᠳᠡᠯᠭᠡᠭᠦᠷ ᠤᠨ ᠬᠡᠪᠴᠢᠶ᠎ᠡ ᠪᠠᠷ ᠶᠡᠭᠡ ᠪᠠᠶᠢᠭᠠᠯᠢ ᠶᠢᠨ ᠳᠠᠪᠠᠭᠤᠯᠢᠭ ᠢ | ᠭᠦᠢᠴᠡᠳ ᠠᠰᠢᠭᠯᠠᠨ᠂ ᠭᠤᠤᠯᠳᠠᠯᠭ᠎ᠠ ᠶᠢ ᠲᠣᠭᠲᠠᠪᠤᠷᠢᠵᠢᠭᠤᠯᠵᠤ᠂ ᠲᠠᠪᠴᠠᠩ ᠪᠠᠶᠢᠭᠤᠯᠤᠨ᠂ ᠠᠴᠢᠶᠠᠯᠠᠪᠤᠷᠢ ᠶᠢ | ᠠᠳᠬᠤᠵᠤ᠂ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠬᠡᠷᠡᠭᠯᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ | ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ | ᠬᠦᠭᠵᠢᠭᠡᠬᠦ ᠬᠡᠷᠡᠭᠲᠡᠢ᠃ ᠭᠤᠷᠪᠠ ᠳᠤ᠂ ᠪᠦᠯᠦᠭᠯᠡᠬᠦ ᠬᠡᠯᠬᠢᠶ᠎ᠡ ᠶᠢ ᠴᠢᠩᠭᠠᠳᠬᠠᠬᠤ ᠶᠢ ᠪᠠᠷᠢᠮᠲᠠᠯᠠᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠨᠡᠮᠡᠭᠳᠡᠯ ᠢ | ᠲᠣᠭᠲᠠᠪᠤᠷᠢᠵᠢᠭᠤᠯᠬᠤ ᠶᠢ ᠢᠮᠠᠭᠲᠠ ᠬᠥᠭᠵᠢᠯᠲᠡ ᠶᠢ ᠠᠬᠢᠭᠤᠯᠬᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ | ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠲᠣᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ︽ᠲᠣᠭᠲᠠᠭᠤᠨ︾ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠵᠤ ᠦᠢᠯᠡᠳᠪᠦᠷᠢ ᠶᠢᠨ ︽ | ᠤᠷᠤᠭᠰᠢᠯᠠᠬᠤ︾ ᠠᠷᠭ᠎ᠠ ᠵᠠᠮ ᠢ ᠪᠠᠲᠤᠳᠬᠠᠵᠤ᠂ ᠦᠢᠯᠡᠴᠢᠯᠡᠭᠡᠨ ᠤ ᠦᠢᠯᠡᠰ ᠤᠨ ︽ᠬᠤᠪᠢᠷᠠᠭᠤᠯᠬᠤ︾ ᠴᠢᠭᠯᠡᠯ ᠢ | ᠲᠣᠳᠣᠷᠬᠠᠶᠢᠯᠠᠵᠤ᠂ ᠭᠤᠷᠪᠠᠨ ᠠᠵᠤ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ | ᠃ ᠲᠦᠷᠪᠡ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ | ᠨᠡᠬᠡᠬᠡᠯᠳᠡ ᠶᠢᠨ ᠰᠢᠨ᠎ᠡ ᠥᠨᠳᠦᠷᠯᠢᠭ ᠢ ᠬᠦᠴᠦᠯᠡᠨ ᠴᠣᠭᠴᠠᠯᠠᠨ᠎ᠠ᠃ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠳᠠᠷᠤᠢ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠯᠳᠠᠭ᠎ᠠ ᠪᠤᠷᠤᠭᠤ ᠶᠢ | ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ | ᠥᠭᠡᠷᠡᠴᠢᠯᠡᠬᠦ ᠠᠴᠠ ᠭᠠᠷᠳᠠᠵᠤ᠂ ᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠶᠢ ᠭᠦᠨᠵᠡᠭᠡᠢ ᠲᠥᠯᠥᠪᠵᠢᠭᠦᠯᠵᠦ᠂ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠢᠪᠲᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠤ ᠬᠦᠴᠦ ᠪᠠᠨ ᠲᠥᠪᠯᠡᠷᠡᠭᠦᠯᠦᠨ ᠬᠦᠳᠦᠯᠦᠨ ᠳᠠᠭᠠᠭᠤᠯᠵᠤ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠳᠡᠯᠭᠡᠬᠦ | ᠬᠦᠴᠦᠨ ᠢ ᠨᠡᠮᠡᠭᠳᠡᠭᠦᠯᠬᠦ ᠬᠡᠷᠡᠭᠲᠡᠢ᠃ ᠲᠠᠪᠤ ᠳᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠦᠨ᠎ᠡ᠃ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠡᠨᠧᠷᠭᠢ | ᠠᠷᠪᠢᠯᠠᠬᠤ ᠰᠠᠨᠠᠭᠠᠴᠢᠯᠠᠭ᠎ᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ | ᠤᠰᠤ ᠶᠢ ᠡᠭᠦᠷᠢᠳᠡ ᠪᠠᠶᠢᠯᠭᠠᠵᠤ᠂ ᠠᠭᠠᠷ ᠢ ᠡᠭᠦᠷᠢᠲᠡ ᠰᠢᠨ᠎ᠡ ᠰᠤᠷᠭᠤᠭ ᠪᠠᠶᠢᠯᠭᠠᠬᠤ ᠬᠡᠷᠡᠭᠲᠡᠢ᠃ ᠵᠢᠷᠭᠤᠭ᠎ᠠ ᠳᠤ᠂ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠴᠢᠨᠠᠷ ᠤᠨ | ᠲᠥᠷᠥᠭᠳᠡᠯ ᠢ ᠬᠦᠴᠦᠯᠡᠨ ᠳᠡᠭᠡᠭᠰᠢᠯᠡᠭᠦᠯᠦᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ | ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡ ᠪᠦᠯᠦᠭ ᠤᠯᠠᠨ ᠲᠦᠮᠡᠨ ᠤ | ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ | ᠬᠥᠭᠵᠢᠯᠲᠡ ᠶᠢᠨ ᠪᠣᠳᠠᠲᠤ ᠠᠮᠵᠢᠯᠲᠠ ᠶᠢ ᠨᠡᠩ ᠬᠠᠶᠢᠷ᠎ᠠ ᠰᠡᠳᠬᠢᠯᠭᠡ ᠲᠠᠢ᠂ ᠠᠷᠠᠳ ᠤᠨ ᠠᠮᠢᠳᠤᠷᠠᠯ ᠤᠨ | ᠬᠠᠷᠢᠭᠤᠯᠲᠠ ᠶᠢᠨ ᠬᠠᠭᠤᠳᠠᠰᠤ ᠶᠢ ᠨᠡᠩ ᠵᠤᠵᠠᠭᠠᠨ ᠪᠣᠯᠭᠠᠬᠤ ᠬᠡᠷᠡᠭᠲᠡᠢ᠃ ᠲᠤᠯᠤᠭ᠎ᠠ ᠳᠤ᠂ ᠴᠢᠩᠭ᠎ᠠ ᠪᠠᠶᠢᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠯᠬᠦᠮᠳᠡᠨ ᠲᠡᠮᠡᠴᠡᠬᠦ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠢᠭᠦᠯᠵᠦ᠂ ᠬᠦᠨᠳᠦ ᠬᠡᠴᠡᠭᠦᠦ ᠬᠡᠷᠡᠭᠯᠡᠵᠦ ᠪᠣᠯᠬᠤᠶᠢᠴᠠ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠦᠨᠳᠦᠰᠦᠨ ᠱᠠᠳᠤ ᠲᠡᠰᠢ ᠤᠷᠲᠤᠳᠬᠠᠬᠤ ᠶᠢ | ᠠᠬᠢᠭᠤᠯᠵᠤ᠂ ᠣᠳᠣᠬᠢᠴᠢᠯᠠᠭᠰᠠᠨ ᠠᠤᠬᠠᠨ ᠢ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠂ ᠭᠤᠣᠯᠳᠠᠯᠭ᠎ᠠ ᠨᠢ | ᠪᠣᠳᠠᠲᠠᠢ ᠠᠵᠢᠯᠯᠠᠬᠤ ᠳᠤ ᠪᠠᠶᠢᠵᠤ᠂ ᠨᠠᠶᠢᠳᠠᠪᠤᠷᠢᠵᠢᠭᠤᠯᠬᠤ ᠶᠢ ᠡᠷᠬᠢᠮᠯᠡᠨ᠎ᠡ᠃ ᠪᠥᠬᠦ ᠬᠤᠰᠢᠭᠤᠨ ᠤ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠴᠢᠳᠠᠪᠤᠷᠢ ᠪᠠᠨ ᠨᠡᠮᠡᠭᠳᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠷᠲᠠᠯ ᠢᠶᠠᠨ ᠬᠤᠪᠢᠷᠠᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ | ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠰ ᠰᠢᠭᠤᠷᠬᠠᠶ ᠪᠠᠷ ᠤᠷᠤᠭᠰᠢᠯᠠᠵᠤ᠂ | ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠡᠴᠦᠰ ᠲᠤᠨᠢ ᠲᠤᠯᠲᠠᠯ᠎ᠠ ᠠᠳᠬᠤᠬᠤ ᠡᠷᠡᠰ | ᠪᠠᠲᠤ ᠵᠣᠷᠢᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ | ᠠᠤᠬᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃ |